ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/10/25
     10 ᠰᠠᠷ᠎ᠠ ᠶᠢᠨ 24 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠤ ᠴᠢᠶᠠᠨ ᠰᠤᠷᠤᠯᠭ᠎ᠠ ᠡᠬᠢᠯᠡᠬᠦ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠠᠨ ᠵᠠᠨ ᠹᠧᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃

     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠵᠠᠩ ᠴᠧᠩ

ᠥᠪᠡᠷ ᠤᠨ ᠵᠠᠭᠤᠴᠢᠯᠠᠭᠤᠷ ᠤᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠬᠡᠷᠡᠭ ᠤᠨ ᠵᠢᠱᠢᠶ᠎ᠡ ᠲᠠᠢ

ᠤᠶᠠᠯᠳᠤᠭᠤᠯᠤᠨ ᠰᠣᠯᠢᠯᠴᠠᠬᠤ ᠪᠠ ᠬᠤᠪᠢᠶᠠᠯᠴᠠᠬᠤ ᠲᠠᠢ ᠤᠶᠠᠯᠳᠤᠭᠤᠯᠤᠨ᠂ ᠮᠡᠳᠡᠭᠡ ᠬᠤᠯᠪᠣᠭᠠᠨ ᠤ ᠵᠣᠬᠢᠶᠠᠨ ᠪᠢᠴᠢᠬᠦ

ᠮᠡᠳᠡᠯᠭᠡ ᠠᠴᠠ ᠴᠢᠮᠡᠭᠡ ᠬᠤᠯᠪᠣᠭᠠᠨ ᠤ ᠵᠣᠬᠢᠶᠠᠨ ᠪᠢᠴᠢᠬᠦ ᠡᠳᠦᠷ ᠲᠤᠲᠤᠮ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ

ᠬᠦᠷᠲᠡᠯ᠎ᠡ᠂ ᠴᠢᠮᠡᠭᠡ ᠬᠤᠯᠪᠣᠭᠠᠨ ᠤ ᠮᠡᠳᠡᠭᠡ ᠵᠠᠩᠭᠢ ᠶᠢᠨ ᠵᠣᠬᠢᠶᠠᠨ ᠪᠢᠴᠢᠬᠦ ᠭᠤᠤᠯᠳᠠᠯᠭ᠎ᠠ ᠶᠢ ᠪᠥᠬᠦ ᠲᠠᠯ᠎ᠠ ᠪᠠᠷ ᠵᠠᠳᠠᠯᠵᠤ᠂

ᠰᠢᠨ᠎ᠡ ᠪᠠᠶᠢᠳᠠᠯ ᠳᠣᠤᠷᠠᠬᠢ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ

ᠰᠣᠨᠢᠨ ᠮᠡᠳᠡᠭᠡᠨ ᠤ ᠤᠬᠠᠭᠤᠯᠭ᠎ᠠ ᠴᠢᠮᠡᠭᠡᠯᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ

ᠳᠡᠭᠡᠭᠰᠢᠯᠡᠭᠦᠯᠬᠦ ᠳᠤ ᠰᠠᠭᠤᠷᠢ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠶᠠᠷᠢᠶ᠎ᠠ

ᠬᠡᠯᠡᠯᠴᠡᠭᠡᠨ ᠤ ᠰᠠᠯᠠᠭᠠᠨ ᠤ ᠳᠠᠷᠤᠭ᠎ᠠ ᠴᠧᠨ ᠵᠢᠶᠦ᠋ᠨ ᠹᠠᠩ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ

ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠡᠷᠬᠢᠯᠡᠭᠴᠢ ᠯᠢ ᠾᠧᠩ ᠲᠣᠰ ᠲᠣᠰ ᠦᠵᠡᠯ

ᠤᠬᠠᠮᠰᠠᠷ ᠤᠨ ᠬᠡᠯᠪᠡᠷᠢ ᠶᠢᠨ ᠠᠵᠢᠯ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ

ᠪᠠ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ ᠭᠤᠶᠢᠳᠠ ᠰᠠᠶᠢᠬᠠᠨ  ᠲᠠᠶᠢᠯᠤᠮᠵᠢ  ᠬᠢᠵᠦ᠂

ᠪᠣᠳᠠᠲᠠᠶ ᠬᠡᠷᠡᠭ ᠤᠨ ᠵᠢᠱᠢᠶ᠎ᠡ ᠪᠠ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠤᠷᠢᠨ ᠳᠤ ᠵᠠᠳᠠᠯᠤᠯᠲᠠ

ᠬᠢᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠲᠣᠭᠤᠷᠢᠨ ᠳᠤ ᠭᠤᠤᠯ ᠵᠢᠭᠰᠠᠭᠠᠯ ᠤᠨ ᠭᠠᠵᠠᠷ ᠪᠠ ᠤᠮᠠᠷᠠᠲᠤ

ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠲᠥᠭᠡᠨ ᠪᠠᠶᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ

ᠡᠭᠦᠰᠬᠦ ᠶᠢ ᠲᠡᠷᠡ ᠳᠠᠷᠤᠶ ᠳᠤᠨᠢ ᠲᠦᠷᠭᠡᠨ ᠡᠵᠡᠮᠰᠢᠵᠦ᠂ ᠪᠠᠶᠢᠳᠠᠯ ᠢ ᠣᠨᠣᠪᠴᠢᠲᠠᠶ ᠮᠠᠭᠠᠳᠯᠠᠬᠤ ᠶᠢᠨ ᠬᠠᠮᠲᠤ ᠰᠢᠨᠵᠢᠯᠡᠬᠦ

ᠤᠬᠠᠭᠠᠨᠴᠢ ᠪᠠᠷ ᠠᠷᠭᠠᠴᠠᠬᠤ ᠠᠷᠭ᠎ᠠ ᠪᠣᠳᠣᠯᠭ᠎ᠠ ᠲᠣᠭᠲᠠᠭᠠᠵᠤ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠲᠦᠭᠰᠢᠭᠦᠷᠢ ᠶᠢ

ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠬᠤᠷᠠᠯ ᠳᠤ ᠣᠷᠣᠯᠴᠠᠭᠰᠠᠳ ᠲᠤ ᠦᠵᠡᠯ ᠤᠬᠠᠮᠰᠠᠷ ᠤᠨ ᠬᠡᠯᠪᠡᠷᠢ ᠪᠠ

ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠲᠤᠬᠠᠶ ᠨᠠᠩ ᠭᠦᠨᠵᠡᠭᠡᠶ᠂ ᠨᠠᠩ ᠪᠣᠳᠠᠲᠠᠶ᠂ ᠨᠠᠩ

ᠪᠥᠬᠦ ᠲᠠᠯ᠎ᠠ ᠶᠢᠨ ᠲᠠᠨᠢᠯᠲᠠ ᠲᠠᠢ ᠪᠣᠯᠭᠠᠪᠠ᠃

     ᠪᠣᠯᠪᠠᠰᠤᠷᠠᠯ ᠳᠤ ᠣᠷᠣᠯᠴᠠᠭᠰᠠᠳ᠂ ᠨᠢᠭᠡ ᠡᠳᠦᠷ ᠤᠨ ᠪᠣᠯᠪᠠᠰᠤᠷᠠᠯ ᠤᠨ ᠲᠣᠬᠢᠷᠠᠭᠤᠯᠤᠯᠲᠠ ᠲᠣᠬᠢᠷᠠᠮᠵᠢᠳᠡᠢ᠂

ᠪᠣᠯᠪᠠᠰᠤᠷᠠᠯ ᠤᠨ ᠠᠭᠤᠯᠭ᠎ᠠ ᠡᠯᠪᠡᠭ ᠪᠠᠶᠠᠯᠢᠭ ᠪᠠᠶᠢᠵᠤ᠂ ᠰᠤᠷᠤᠭᠴᠢᠳ ᠤᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ

ᠠᠯᠬᠤᠮ ᠭᠦᠨᠵᠡᠭᠡᠶᠢᠷᠡᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠲᠤᠷᠰᠢᠯᠭ᠎ᠠ ᠪᠠᠨ

ᠰᠣᠯᠢᠯᠴᠠᠬᠤ ᠶᠢ ᠴᠢᠩᠭᠠᠳᠬᠠᠵᠤ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ

ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠠᠮᠢᠵᠢᠷᠠᠯ ᠤᠨ ᠬᠦᠴᠦᠨ ᠪᠠ  

ᠬᠦᠳᠡᠯᠭᠡᠭᠴᠢ ᠬᠦᠴᠦᠨ ᠨᠡᠮᠡᠷᠢᠯᠡᠪᠡ ᠭᠡᠵᠦ ᠢᠯᠡᠷᠬᠡᠶᠢᠯᠡᠪᠡ᠃

     ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶  ᠶᠢᠨ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ

ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠤᠬᠠᠭᠤᠯᠬᠤ ᠠᠵᠢᠯ ᠤᠨ ᠬᠤᠪᠢᠳᠠᠨ ᠬᠠᠮᠢᠶᠠᠷᠴᠤ

ᠪᠠᠶᠢᠭ᠎ᠠ ᠳᠡᠳ᠋ ᠲᠤᠰᠢᠶᠠᠯᠲᠠᠨ ᠪᠠ ᠮᠡᠳᠡᠭᠡ ᠵᠠᠩᠭᠢ ᠶᠢᠨ ᠠᠵᠢᠯ ᠤᠨ ᠬᠠᠮᠢᠶ᠎ᠠ ᠪᠥᠬᠦᠶ ᠬᠥᠮᠦᠰ ᠪᠣᠯᠪᠠᠰᠤᠷᠠᠯ ᠳᠤ ᠣᠷᠣᠯᠴᠠᠪᠠ᠃

 

       

           ᠰᠤᠷᠪᠤᠯᠵᠢᠯᠠᠭᠴᠢ᠄ ᠱᠠᠨ ᠮᠢᠶᠣᠣ

           ᠣᠷᠴᠢᠭᠤᠯᠣᠨ ᠨᠠᠶᠢᠷᠠᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号