ᠠᠷᠠᠳ ᠣᠯᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠦᠨᠡᠨ ᠬᠦ | ᠳᠡᠭᠡᠭᠰᠢᠯᠡᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠶᠢᠨ ᠲᠤᠰᠠᠳᠠ᠂ ᠤᠶᠢᠷ᠎ᠠ ᠳᠤ ᠨᠠᠷᠠᠰᠤᠳᠠᠢ | ᠤᠢ ᠰᠢᠭᠤᠢ ᠶᠢᠨ ᠲᠠᠯᠠᠪᠠᠢ ᠨᠢ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠠᠢ᠃ ᠤᠯᠠᠨ ᠲᠦᠮᠡᠨ ᠢ ᠬᠦᠳᠦᠯᠦᠨ | ᠵᠢᠯᠣᠭᠤᠳᠴᠤ ᠪᠠᠶᠢᠭᠠᠳ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠢᠳᠡᠪᠬᠢᠲᠡᠢ | ᠣᠷᠣᠯᠴᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠤᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠪᠠ᠃ | | | | ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠬᠠᠷᠢᠶ᠎ᠠ ᠣᠷᠣᠨ ᠤ ᠪᠠᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠶᠢ 2000 ᠭᠠᠷᠤᠶ ᠲᠠᠷᠬᠠᠭᠠᠵᠤ᠂ ᠭᠠᠯ ᠰᠡᠷᠭᠡᠶᠢᠯᠡᠬᠦ ᠰᠡᠷᠡᠮᠵᠢ ᠶᠢᠨ | ᠲᠤᠭ 900 ᠭᠠᠷᠤᠶ ᠡᠯᠭᠦᠵᠦ᠂ 6 ᠬᠥᠨᠳᠡᠯᠡᠨ ᠪᠢᠴᠢᠭᠡᠰᠦ ᠡᠯᠭᠦᠵᠦ᠂ ᠣᠶ ᠰᠢᠭᠤᠶ ᠶᠢᠨ ᠭᠠᠯ ᠰᠡᠷᠭᠡᠶᠢᠯᠡᠬᠦ | ᠤᠬᠠᠭᠤᠯᠭ᠎ᠠ ᠶᠢᠨ ᠡᠳ᠋ 1600 ᠭᠠᠷᠤᠶ ᠬᠤᠪᠢ ᠲᠠᠷᠬᠠᠭᠠᠪᠠ᠃ | | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠤ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ | ᠤᠷᠴᠢᠭᠤᠯᠤᠨ ᠨᠠᠶᠢᠷᠠᠭᠤᠯᠤᠭᠴᠢ᠄ ᠪᠤᠤ ᠬᠤᠩ ᠯᠢᠶᠠᠩ |