ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/9
          10 ᠰᠠᠷ᠎ᠠ ᠶᠢᠨ 8 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠡᠯ ᠳᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠯᠢ ᠮᠧᠶ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠸᠠᠩ ᠬᠠᠶ ᠵᠧᠨ ᠣᠷᠣᠯᠴᠠᠵᠠᠶ᠃

    ᠬᠤᠷᠠᠯ ᠠᠴᠠ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ

ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ

ᠵᠣᠯᠭᠠᠭᠤᠯᠬᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠲᠣᠰᠬᠤᠨ ᠤ ᠳᠡᠰ ᠤᠨ ᠺᠠᠳ᠋ᠷ ᠵᠢᠴᠢ

ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠦᠷᠨᠢᠭᠦᠯᠪᠡ᠃

    ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ

ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠳᠬᠤᠵᠤ᠂ ᠨᠢᠭᠡᠳᠦᠭᠡᠷ

ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠷᠡᠰ ᠰᠠᠶᠢᠲᠤᠷ ᠭᠦᠢᠴᠡᠳᠭᠡᠵᠦ᠂ ᠭᠤᠤᠯᠳᠠᠯᠭ᠎ᠠ ᠲᠠᠢ ᠬᠦᠴᠢᠷ

ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠶᠠᠪᠤᠴᠠ ᠪᠠᠷ

ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠲᠤᠯᠠᠭ᠎ᠠ ᠪᠠᠷ

ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ

ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ᠂ ᠵᠣᠬᠢᠶᠠᠨ ᠪᠠᠶᠢᠭᠤᠯᠤᠨ

ᠬᠡᠷᠡᠭᠵᠢᠭᠦᠯᠬᠦ᠂ ᠲᠥᠷᠥᠯ ᠬᠤᠪᠢᠶᠠᠨ ᠠᠬᠢᠭᠤᠯᠬᠤ ᠵᠡᠷᠭᠡ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ

ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠪᠠᠶᠢᠳᠠᠯ ᠢ ᠣᠶᠢᠯᠠᠭᠠᠵᠤ ᠵᠢᠨᠨᠰᠠᠭᠠᠨ

ᠪᠠᠶᠢᠴᠠᠭᠠᠵᠦ᠂ ᠣᠷᠣᠯᠭ᠎ᠠ ᠶᠢᠨ ᠲᠠᠩᠰᠠ ᠪᠤᠳᠤᠬᠤ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠥᠷᠨᠢᠭᠦᠯᠵᠦ᠂

ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ  

ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃

     ᠬᠤᠷᠡᠯ ᠠᠴᠠ᠂ ᠤᠯᠤᠰ ᠤᠨ ᠬᠤᠶᠢᠰᠢᠳᠠ ᠶᠢᠨ ᠦᠨᠡᠯᠡᠯᠲᠡ ᠶᠢᠨ ᠭᠤᠣᠯᠳᠠᠯᠭ᠎ᠠ ᠪᠣᠯᠤᠨ ᠥᠪᠡᠷᠲᠡᠭᠡᠨ ᠵᠠᠰᠠᠬᠤ

ᠣᠷᠣᠨ᠂ ᠬᠤᠳᠠ ᠶᠢᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢᠨ ᠪᠠᠷᠢᠮᠵᠢᠶ᠎ᠠ ᠲᠠᠢ ᠬᠠᠷᠭᠤᠭᠤᠯᠵᠤ᠂ ᠠᠵᠢᠯ ᠤᠨ

ᠠᠬᠢᠴᠠ ᠶᠢ ᠪᠦᠷᠢᠳᠬᠡᠵᠦ᠂ ᠳᠤᠲᠠᠭᠤᠳᠠᠯ ᠪᠠ ᠳᠤᠲᠠᠭᠳᠠᠯ ᠢ ᠡᠷᠢᠵᠦ᠂ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠵᠤ᠂

ᠠᠵᠢᠯ ᠳᠤ ᠬᠤᠭᠤᠰᠣᠨ ᠵᠠᠢ ᠦᠯᠡᠳᠡᠭᠡᠬᠦ ᠦᠭᠡᠢ᠂ ᠲᠦᠷᠦ ᠶᠢᠨ ᠪᠤᠳᠤᠯᠭ᠎ᠠ ᠳᠤ ᠬᠤᠭᠤᠰᠣᠨ ᠬᠤᠷᠢᠭ᠎ᠠ ᠦᠯᠡᠳᠡᠭᠡᠬᠦ ᠦᠭᠡᠢ

ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤᠳᠬᠠᠵᠤ᠂ ᠦᠷ᠎ᠡ ᠪᠦᠲᠦᠮᠵᠢ ᠶᠢ ᠨᠡᠩ

ᠦᠷᠭᠦᠯᠵᠢᠯᠡᠭᠦᠯᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠭᠦᠢᠴᠡᠳᠬᠡᠯ ᠲᠤᠭ᠎ᠠ ᠨᠢᠭᠡᠪᠦᠷᠢ ᠶᠢ ᠰᠡᠳᠬᠢᠯ ᠲᠠᠯᠪᠢᠨ ᠬᠦᠴᠦᠯᠡᠨ

ᠰᠠᠶᠢᠲᠤᠷ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠤᠯᠤᠰ ᠤᠨ ᠬᠤᠶᠢᠰᠢᠳᠠ ᠶᠢᠨ

ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠰᠠᠶᠢᠲᠤᠷ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃

    ᠡᠯ᠎ᠡ ᠰᠤᠮᠤ ᠰᠢᠶᠠᠩ ᠪᠠᠯᠭᠠᠰᠤ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠵᠢᠴᠢ

ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ

ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠵᠠᠶ᠃

          ᠰᠤᠷᠪᠤᠯᠵᠢᠯᠠᠭᠴᠢ᠄ ᠵᠠᠩ ᠰᠢᠶᠤᠤ ᠳ᠋ᠦᠩ     ᠸᠠᠩ ᡁᠢ ᠹᠠᠩ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号