| 10 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠧᠨ ᠳᠤᠯᠠᠭᠠᠯᠭ᠎ᠠ ᠶᠢᠨ | ᠠᠵᠤ ᠠᠬᠤᠶᠢᠯᠠᠯ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠳᠤ ᠪᠠᠶᠢᠴᠠᠭᠠᠨ | ᠰᠤᠳᠤᠯᠤᠯᠲᠠ ᠬᠢᠬᠦ ᠳᠡᠭᠡᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ | ᠪᠣᠶ ᠪᠣᠯᠭᠠᠵᠤ᠂ ᠳᠤᠯᠠᠭᠠᠯᠭ᠎ᠠ ᠶᠢᠨ ᠡᠯ᠎ᠡ ᠵᠦᠢᠯ ᠤᠨ ᠪᠡᠯᠡᠳᠬᠡᠯ ᠪᠠ ᠦᠢᠯᠡᠴᠢᠯᠡᠬᠡᠨ ᠤ ᠠᠵᠢᠯ ᠢ ᠨᠠᠷᠢᠯᠢᠭ ᠬᠢᠵᠦ᠂ | ᠳᠤᠯᠠᠭᠠᠯᠭ᠎ᠠ ᠶᠢᠨ ᠠᠮᠤᠷ ᠲᠦᠪᠰᠢᠨ ᠪᠠ ᠳᠤᠯᠠᠭᠠᠯᠭ᠎ᠠ ᠶᠢᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ | ᠬᠤᠰᠢᠭᠤᠨ ᠤ ᠠᠷᠠᠳ ᠲᠦᠮᠡᠨ ᠤ ᠡᠪᠦᠯ ᠢ ᠬᠠᠯᠠᠭᠤᠨ ᠲᠣᠯᠠᠭᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ ᠬᠤᠰᠢᠭᠤᠨ ᠤ ᠤᠳᠤᠷᠢᠳᠤᠯᠭ᠎ᠠ ᠶᠠᠩ ᠯᠢ ᠮᠧᠶ᠂ ᠯᠢ ᠪᠢᠨ᠂ ᠵᠠᠩ ᠪᠢᠨ᠂ ᠳ᠋ᠦᠩ ᠰᠢᠦᠦᠠᠢ ᠴᠢᠩ | ᠠᠵᠢᠯᠯᠠᠭ᠎ᠠ ᠳᠤ ᠣᠷᠣᠯᠴᠠᠵᠠᠶ᠃ | | | | | ᠳᠤᠯᠠᠭᠠᠯᠠᠭ᠎ᠠ ᠶᠢᠨ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠤᠨᠨᠳᠠᠬᠤ᠂ ᠠᠷᠠᠳ ᠢᠷᠭᠡᠳ ᠤᠨ ᠬᠠᠯᠠᠭᠤᠨ | ᠬᠦᠢᠲᠡᠨ ᠳᠤ ᠬᠤᠯᠪᠤᠨᠨᠳᠠᠬᠤ᠂ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠪᠣᠯᠤᠨ᠎ᠠ᠃ 10 ᠰᠠᠷ᠎ᠠ ᠶᠢᠨ 8 ᠤ ᠦᠳᠡ ᠶᠢᠨ ᠡᠮᠦᠨ᠎ᠡ᠂ ᠭᠤᠤ ᠰᠧᠨ ᠨᠠᠷ ᠤᠷᠢᠳ ᠬᠤᠵᠢᠳ ᠰᠦᠢ | ᠷᠦᠨ ᠢᠯᠴᠢ ᠬᠠᠩᠭᠠᠬᠤ ᠺᠣᠮᠫᠠᠨᠢ᠂ ᠬᠤᠰᠢᠭᠤᠨ ᠤ ᠢᠯᠴᠢ ᠬᠠᠩᠭᠠᠬᠤ ᠡᠨᠧᠷᠭᠢ ᠠᠷᠪᠢᠯᠠᠬᠤ ᠬᠢᠵᠠᠭᠠᠷᠲᠤ ᠺᠣᠮᠫᠠᠨᠢ ᠵᠡᠷᠭᠡ | ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠲᠤᠨᠤᠭ ᠲᠥᠬᠦᠭᠡᠷᠦᠮᠵᠢ ᠶᠢᠨ ᠠᠵᠢᠯᠯᠠᠭ᠎ᠠ᠂ ᠨᠡᠭᠦᠷᠡᠰᠦ ᠰᠢᠯᠵᠢᠭᠦᠯᠦᠨ | ᠵᠥᠭᠡᠭᠡᠪᠦᠷᠢᠯᠡᠬᠦ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠬᠤ ᠶᠢᠨ ᠬᠠᠮᠲᠤ ᠳᠤᠯᠠᠭᠠᠯᠠᠭ᠎ᠠ ᠬᠠᠩᠭᠠᠬᠤ ᠠᠵᠢᠯ ᠤᠨ ᠳᠤᠮᠳᠠ ᠣᠷᠣᠰᠢᠵᠤ | ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠤᠷ ᠲᠤ ᠠᠵᠢᠯᠯᠠᠪᠠ᠃ | | | | | ᠭᠤᠤ ᠰᠧᠨ ᠠᠴᠠ᠂ ᠠᠭᠤᠷ ᠠᠮᠢᠰᠬᠤᠯ ᠤᠯᠠᠮ ᠠᠴᠠ ᠤᠯᠠᠮ ᠬᠦᠢᠳᠡᠷᠡᠵᠦ᠂ ᠳᠤᠯᠠᠭᠠᠯᠠᠭ᠎ᠠ ᠬᠠᠩᠭᠠᠬᠤ ᠪᠣᠯ ᠠᠷᠠᠳ | ᠣᠯᠠᠨ ᠤ ᠣᠳᠣᠬᠠᠨ ᠤ ᠬᠠᠮᠤᠭ ᠤᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠪᠠᠰᠠ ᠴᠤ | ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠡᠯ᠎ᠡ | ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠨ ᠬᠢᠨ ᠤᠯᠠᠨ ᠲᠦᠮᠡᠨ ᠤ ᠪᠤᠳᠤᠵᠤ | ᠪᠠᠶᠢᠭ᠎ᠠ ᠵᠦᠢᠯ ᠢ ᠦᠨᠡᠨᠬᠦ ᠪᠣᠳᠣᠯᠬᠢᠯᠠᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠨᠠᠷᠢᠨ | ᠨᠢᠮᠪᠠᠢ ᠪᠠᠶᠢᠷᠢᠯᠠᠭᠤᠯᠵᠤ᠂ ᠵᠣᠬᠢᠰᠲᠠᠢ ᠲᠤᠬᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ | ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠡᠨᠡ ᠡᠪᠦᠯ ᠲᠣᠭᠲᠠᠭᠰᠠᠨ | ᠬᠤᠭᠤᠴᠠᠭᠠᠨ ᠳᠤ ᠳᠤᠯᠠᠭᠠᠯᠠᠭ᠎ᠠ ᠬᠠᠩᠭᠠᠬᠤ᠂ ᠠᠮᠤᠷ ᠲᠦᠪᠰᠢᠨ ᠢᠶᠠᠷ ᠳᠤᠯᠠᠭᠠᠯᠠᠭ᠎ᠠ ᠬᠠᠩᠭᠠᠬᠤ᠂ ᠴᠢᠨᠠᠷ ᠰᠠᠶᠢᠲᠠᠢ | ᠳᠤᠯᠠᠭᠠᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠢ ᠭᠡᠪᠡ᠃ ᠢᠯᠴᠢ ᠬᠠᠩᠭᠠᠬᠤ ᠠᠵᠤ ᠠᠬᠤᠶᠢᠯᠠᠯ ᠨᠢ ᠲᠥᠬᠦᠭᠡᠷᠦᠮᠵᠢ ᠶᠢ | ᠳᠣᠭᠢᠷᠠᠭᠤᠯᠤᠨ ᠲᠤᠷᠰᠢᠬᠤ᠂ ᠬᠤᠭᠤᠯᠠᠶ ᠲᠣᠤᠷ ᠢ ᠬᠠᠮᠠᠭᠠᠯᠠᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠨᠡᠭᠦᠷᠡᠰᠦ | ᠰᠢᠲᠠᠭᠠᠵᠤ ᠨᠥᠭᠡᠴᠡᠯᠡᠬᠦ ᠵᠡᠷᠭᠡ ᠡᠯ᠎ᠡ ᠵᠦᠢᠯ ᠤᠨ ᠪᠡᠯᠡᠳᠬᠡᠯ ᠢ ᠪᠥᠬᠦ ᠲᠠᠯ᠎ᠠ ᠪᠠᠷ ᠨᠠᠷᠢᠯᠢᠭ ᠪᠡᠶᠡᠯᠡᠭᠦᠯᠦᠭᠰᠡᠨ ᠰᠠᠭᠤᠷᠢᠨ | ᠳᠡᠭᠡᠷ᠎ᠡ᠂ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠪᠠᠨ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢᠨ | ᠬᠠᠨᠳᠤᠰᠢ ᠶᠢ ᠨᠢᠭᠲᠠ ᠠᠩᠬᠠᠷᠴᠤ᠂ ᠢᠯᠴᠢ ᠬᠠᠩᠭᠠᠬᠤ ᠲᠥᠰᠦᠯ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ | ᠨᠠᠷᠢᠯᠢᠬᠵᠢᠭᠤᠯᠵᠤ᠂ ᠲᠣᠭᠲᠠᠭᠤᠨ᠂ ᠠᠮᠤᠷ ᠲᠦᠪᠰᠢᠨ ᠢᠶᠠᠷ ᠢᠯᠴᠢ ᠬᠠᠩᠭᠠᠬᠤ ᠪᠠ ᠬᠡᠳᠡᠷᠡᠬᠦᠦ ᠬᠦᠢᠳᠡᠨ ᠴᠠᠭ ᠠᠭᠤᠷ ᠤᠨ | ᠨᠥᠬᠦᠴᠡᠯ ᠵᠡᠷᠭᠡ ᠪᠠᠶᠢᠳᠠᠯ ᠳᠣᠤᠷ᠎ᠠ ᠦᠷᠭᠦᠯᠵᠢᠯᠡᠨ ᠢᠯᠴᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠤᠤ ᠰᠧᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ | ᠬᠥᠪᠴᠢ ᠶᠢ ᠢᠮᠠᠭᠲᠠ ᠴᠢᠩᠭᠠᠷᠠᠭᠤᠯᠵᠤ᠂ ᠳᠤᠯᠠᠭᠠᠯᠭ᠎ᠠ ᠶᠢᠨ ᠲᠥᠬᠦᠭᠡᠷᠦᠮᠵᠢ ᠶᠢᠨ ᠠᠵᠢᠯᠯᠠᠭᠠᠨ ᠤ ᠡᠳᠦᠷ ᠲᠤᠳᠤᠮ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠵᠦ᠂ ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠳᠤ ᠪᠠᠲᠤ ᠪᠠᠬᠢ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠬᠡᠯᠡᠪᠡ᠃ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠤᠯᠠᠭᠠᠯᠠᠭ᠎ᠠ ᠶᠢᠨ | ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠪᠣᠯᠤᠨ ᠤᠯᠠᠨ ᠲᠦᠮᠡᠨ ᠤ ᠲᠤᠰᠬᠠᠯ ᠴᠢᠩᠭ᠎ᠠ ᠲᠤᠪᠤᠶᠢᠮ᠎ᠠ ᠠᠰᠠᠭᠤᠳᠠᠯ ᠢ | ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠴᠠᠭ ᠲᠤᠬᠠᠢ ᠳᠤᠨᠢ ᠦᠷ᠎ᠡ ᠪᠦᠲᠦᠮᠵᠢᠲᠡᠢ ᠪᠠᠷ ᠲᠦᠭ ᠲᠦᠮᠡᠨ ᠠᠶᠢᠯ | ᠡᠷᠦᠬᠡ ᠳᠤ ᠬᠦᠷᠭᠡᠵᠦ᠂ ᠨᠡᠩ ᠴᠢᠨᠠᠷ ᠰᠠᠶᠢᠲᠠᠢ᠂ ᠨᠡᠩ ᠳᠤᠯᠠᠭᠠᠬᠠᠨ ᠦᠢᠯᠡᠴᠢᠯᠡᠭᠡ ᠪᠠᠷ ᠤᠯᠠᠨ ᠲᠦᠮᠡᠨ ᠤ ᠰᠡᠳᠬᠢᠯ ᠢ | ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠰᠤᠷᠪᠤᠯᠵᠢᠯᠠᠭᠴᠢ᠄ ᠵᠠᠩ ᠵᠢᠣᠸᠠᠨ ᠭᠤᠤ ᠸᠧᠶ | ᠣᠷᠴᠢᠭᠤᠯᠣᠨᠨᠴᠢ᠄ ᠭᠧ ᠲᠣᠸᠠᠨ ᠯᠢᠶᠡᠨ | | |