ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢᠨ ᠨᠠᠮᠤᠷ ᠤᠨ ᠤᠯᠠᠷᠢᠯ ᠤᠨ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2024/11/1
           10 ᠰᠠᠷ᠎ᠠ ᠶᠢᠨ 30 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢᠨ ᠨᠠᠮᠤᠷ ᠤᠨ ᠤᠯᠠᠷᠢᠯ ᠤᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠾᠧ ᠲᠦᠩ ᠣᠷᠣᠯᠴᠠᠵᠠᠶ᠃

     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠲᠤᠬᠠᠶ ᠶᠢᠨ ᠲᠠᠯᠠᠪᠤᠷ + ᠰᠢᠭᠤᠳ ᠨᠡᠪᠲᠡᠷᠡᠭᠦᠯᠭᠡ ᠪᠠᠷ

ᠠᠵᠢᠯ ᠤᠨ ᠪᠠᠶᠢᠷᠢ ᠳᠠᠭᠠᠭᠤᠯᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠪᠠ᠃ ᠠᠵᠢᠯᠲᠠᠨ ᠡᠯᠰᠡᠬᠦ ᠲᠤᠬᠠᠶ ᠶᠢᠨ

ᠲᠠᠯᠠᠪᠤᠷ ᠲᠤ᠂ ᠠᠵᠢᠯ ᠡᠷᠢᠭᠰᠡᠳ ᠲᠠᠰᠤᠷᠠᠯᠲᠠ ᠥᠬᠡᠶ ᠣᠯᠠᠰᠢᠷᠠᠵᠤ᠂ ᠡᠯ᠎ᠡ ᠠᠵᠤ ᠠᠬᠤᠶᠢᠯᠠᠯ ᠤᠨ ᠦᠵᠡᠭᠦᠯᠦᠯᠭᠡ ᠶᠢᠨ

ᠪᠠᠶᠢᠷᠢ ᠠᠴᠠ ᠡᠮᠦᠨ᠎ᠡ᠂ ᠲᠡᠳᠡ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠠᠵᠢᠭᠯᠠᠵᠤ᠂

ᠰᠡᠳᠬᠢᠯ ᠬᠠᠨᠣᠮᠵᠢᠳᠡᠢ ᠠᠵᠢᠯ ᠤᠨ ᠪᠠᠶᠢᠷᠢ ᠶᠢ ᠡᠷᠢᠯᠬᠢᠯᠡᠬᠦ ᠶᠢᠨ ᠳᠠᠭᠠᠤ ᠠᠵᠢᠯ ᠤᠨ ᠪᠠᠶᠢᠷᠢ ᠶᠢᠨ ᠠᠵᠢᠯ ᠲᠥᠷᠥᠯ᠂ ᠴᠠᠯᠢᠩ

ᠬᠥᠯᠥᠰᠥ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠨᠠᠷᠢᠨ ᠣᠶᠢᠯᠠᠭᠠᠪᠠ᠃ ᠠᠵᠤ ᠠᠬᠤᠶᠢᠯᠠᠯ ᠤᠨ ᠠᠵᠢᠯᠲᠠᠨ ᠲᠤᠬᠠᠶ ᠶᠢᠨ

ᠲᠠᠯᠠᠪᠠᠶ ᠳᠤ ᠠᠵᠤ ᠠᠬᠤᠶᠢᠯᠠᠯ ᠤᠨ ᠴᠤᠭ ᠵᠢᠪᠬᠤᠭ᠎ᠠ ᠶᠢ ᠲᠠᠶᠢᠯᠪᠤᠷᠢᠯᠠᠨ ᠦᠵᠡᠭᠦᠯᠵᠦ᠂ ᠠᠵᠢᠯ ᠡᠷᠢᠭᠰᠡᠳ ᠲᠠᠢ

ᠨᠡᠪᠲᠡᠷᠡᠯᠴᠡᠨ ᠠᠵᠢᠯ ᠤᠯᠬᠤ ᠰᠠᠨᠠᠮᠵᠢ ᠶᠢ ᠨᠢ ᠠᠰᠠᠭᠤᠨ ᠬᠠᠷᠢᠯᠴᠠᠵᠤ᠂ ᠺᠣᠮᠫᠠᠨᠢ ᠶᠢᠨ ᠠᠵᠢᠯᠲᠠᠨ ᠠᠴᠠ ᠠᠵᠢᠯᠳᠡᠨ ᠡᠯᠰᠡᠬᠦ

ᠬᠡᠷᠡᠭᠴᠡᠭᠡ ᠱᠠᠭᠠᠷᠳᠠᠯᠭ᠎ᠠ ᠵᠢᠴᠢ ᠴᠠᠯᠢᠩ ᠬᠥᠯᠥᠰᠥ ᠵᠢᠴᠢ ᠬᠠᠷᠠᠭᠠᠯᠵᠠᠯ ᠤᠨ ᠲᠣᠬᠠᠢ ᠬᠠᠷᠢᠭᠤᠯᠳᠡ ᠥᠭᠪᠡ᠃ ᠠᠵᠢᠯ

ᠡᠷᠢᠭᠰᠡᠳ ᠲᠤ ᠲᠥᠬᠦᠮ ᠦᠵᠡᠭᠦᠯᠬᠦ ᠶᠢᠨ ᠲᠥᠯᠥᠭᠡ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠲᠠᠪᠴᠠᠩ

ᠪᠠᠶᠢᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠦᠨᠳᠦᠰᠦᠨ ᠬᠥᠳᠡᠯᠮᠦᠷᠢ ᠶᠢᠨ ᠬᠠᠤᠯᠢ ᠴᠠᠭᠠᠵᠠ ᠶᠢᠨ

ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠡᠯ᠎ᠡ ᠲᠥᠷᠥᠯ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ

ᠵᠢᠯᠣᠭᠤᠳᠣᠯᠭ᠎ᠠ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠶᠢ ᠬᠠᠩᠭᠠᠵᠤ᠂ ᠠᠵᠢᠯ ᠡᠷᠢᠭᠰᠡᠳ ᠲᠤ ᠪᠥᠬᠦ ᠲᠠᠯ᠎ᠠ ᠶᠢᠨ᠂

ᠣᠯᠠᠨ ᠲᠠᠰ ᠳᠠᠪᠬᠤᠷᠭ᠎ᠠ ᠶᠢᠨ᠂ ᠲᠤᠰᠬᠠᠶᠢᠵᠢᠭᠰᠠᠨ ᠠᠵᠢᠯ ᠣᠯᠭᠤᠬᠤ ᠦᠢᠯᠡᠴᠢᠯᠡᠭᠡ ᠬᠠᠩᠭᠠᠵᠤ᠂ ᠠᠵᠢᠯ ᠤᠯᠬᠤ ᠳᠤ

ᠳᠡᠮᠵᠢᠯᠭᠡ ᠲᠠᠢ᠂ ᠠᠳᠠᠯ ᠦᠢᠯᠡᠰ ᠴᠣᠭᠴᠠᠯᠠᠬᠤ ᠳᠤ ᠬᠠᠪᠰᠤᠷᠤᠨ ᠲᠡᠳᠬᠦᠮᠵᠢ ᠲᠠᠢ᠂ ᠠᠵᠢᠯᠴᠢᠨ ᠬᠡᠷᠡᠭᠯᠡᠬᠦ ᠳᠤ

ᠪᠠᠲᠤᠯᠠᠭ᠎ᠠ ᠲᠠᠢ ᠪᠣᠯᠭᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠰᠠᠭᠤᠭᠠᠯᠢ ᠠᠷᠠᠳ ᠶᠠᠩ ᠵᠢᠶᠦ᠋ᠨ

ᠹᠸᠢ᠄ ︽ᠡᠨᠡ ᠤᠳᠠᠭᠠᠨ ᠤ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ  ᠴᠣᠨᠨᠯᠠᠭᠠᠨ ᠨᠢ ᠳᠤᠮᠳᠠᠳᠤ ᠬᠤᠰᠢᠭᠤᠨ ᠳᠤ

ᠠᠵᠢᠯᠯᠠᠬᠤ ᠰᠠᠨᠠᠭ᠎ᠠ ᠲᠠᠢ ᠨᠠᠳᠡ ᠳᠤ ᠠᠪᠴᠦ ᠬᠡᠯᠡᠪᠡᠯ ᠮᠠᠰᠢ ᠰᠠᠶᠢᠨ ᠪᠣᠯᠵᠠᠢ᠂ ᠬᠡᠷ ᠠᠴᠠ ᠪᠠᠨ ᠨᠡᠯᠢᠶᠡᠳ ᠣᠶᠢᠷ᠎ᠠ᠂  

ᠨᠠᠳᠠ ᠳᠤ ᠰᠠᠶᠢᠬᠠᠨ ᠠᠵᠢᠯ ᠣᠯᠬᠤ ᠲᠣᠬᠢᠶᠠᠯ ᠬᠠᠩᠭᠠᠭᠰᠠᠨ ᠪᠠᠶᠢᠨ᠎ᠠ᠂ ᠲᠣᠬᠢᠷᠠᠮᠵᠢᠲᠠᠢ ᠠᠵᠢᠯ ᠤᠨ ᠪᠠᠶᠢᠷᠢ ᠪᠠᠨ ᠣᠯᠬᠤ ᠶᠢ

ᠬᠦᠰᠡᠬᠦ ᠶᠢᠨ ᠬᠠᠮᠲᠤ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ︾ ᠭᠡᠪᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ

ᠬᠠᠷᠢᠭᠤᠴᠠᠯᠭᠠᠲᠠᠨ ᠾᠦᠸᠧ ᠱᠢ ᠵᠢᠶᠤᠤ᠄ ︽2024 ᠣᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ

ᠨᠠᠮᠤᠷ ᠤᠨ ᠤᠯᠠᠷᠢᠯ ᠤᠨ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 30 ᠠᠵᠤ ᠠᠬᠤᠶᠢᠯᠠᠯ᠂

545 ᠠᠵᠢᠯ ᠤᠨ ᠪᠠᠶᠢᠷᠢ ᠬᠠᠩᠭᠠᠵᠤ᠂ ᠵᠡᠷᠭᠡ ᠪᠠᠷ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠵᠤ᠂

ᠨᠡᠶᠢᠲᠡ 10000 ᠬᠥᠮᠦᠨ ᠰᠦᠯᠵᠢᠶᠡᠨ ᠳᠡᠭᠡᠷ᠎ᠡ ᠦᠵᠡᠵᠦ᠂ ᠠᠵᠢᠯ ᠡᠷᠢᠭᠰᠡᠳ ᠴᠥᠮ ᠰᠡᠳᠬᠢᠯ ᠬᠠᠨᠤᠮᠵᠢᠲᠠᠶ

ᠠᠵᠢᠯ ᠢᠶᠠᠨ ᠤᠯᠬᠤ ᠶᠢ ᠬᠦᠰᠡᠵᠦ ᠪᠠᠶᠢᠨ᠎ᠠ︾ ᠭᠡᠵᠡᠶ᠃

     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 2000 ᠭᠠᠷᠤᠶ ᠬᠤᠪᠢ

ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠨᠡᠶᠢᠲᠡ 300 ᠭᠠᠷᠤᠶ ᠠᠵᠢᠯ ᠡᠷᠢᠭᠰᠡᠳ ᠢ ᠲᠡᠳᠡᠨ ᠠᠪᠴᠢᠷᠠᠵᠤ᠂ 82

ᠬᠥᠮᠦᠨ ᠠᠵᠢᠯ ᠣᠯᠭᠤᠬᠤ ᠰᠠᠨᠠᠮᠵᠢ ᠲᠠᠢ ᠪᠣᠯᠵᠣ᠂ ᠠᠵᠢᠯ ᠡᠷᠢᠭᠴᠢ ᠪᠠ ᠬᠥᠮᠦᠨ ᠬᠡᠷᠡᠭᠯᠡᠬᠦ ᠨᠢᠭᠡᠴᠢ ᠳᠤ ᠴᠢᠨᠠᠷ ᠰᠠᠶᠢᠲᠠᠶ᠂

ᠥᠨᠳᠥᠷ ᠪᠦᠲᠦᠮᠵᠢᠲᠡᠶ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠨᠠᠩ ᠣᠯᠠᠨ ᠬᠥᠮᠦᠨ ᠤ ᠥᠪᠡᠷ ᠤᠨ ᠠᠵᠢᠯ

ᠮᠡᠷᠭᠡᠵᠢᠯ ᠤᠨ ᠬᠦᠰᠡᠯ ᠢᠶᠠᠨ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃

   

     

        ᠰᠤᠷᠪᠤᠯᠵᠢᠯᠠᠭᠴᠢ᠄ ᠸᠠᠩ ᡁᠢ ᠹᠠᠩ     ᠵᠠᠩ ᠰᠢᠶᠤᠤ ᠳ᠋ᠦᠩ

        ᠣᠷᠴᠢᠭᠤᠯᠣᠨ ᠨᠠᠶᠢᠷᠠᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号