ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠳᠡ ᠶᠢᠨ ᠦᠢᠯᠡᠴᠢᠯᠡᠬᠡᠨ ᠤ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/12
          11 ᠳ᠋ᠣᠭᠡᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠳᠡ ᠶᠢᠨ ᠦᠢᠯᠡᠴᠢᠯᠡᠬᠡᠨ ᠤ ᠲᠥᠪ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠭᠠᠵᠠᠷ ᠤᠨ ᠳᠠᠷᠤᠭ᠎ᠠ ᠸᠠᠩ ᠹᠧᠶ ᠨᠡᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃  

      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ

ᠲᠥᠪ ᠠᠴᠠ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠬᠡᠪ ᠵᠠᠭᠪᠤᠷ᠂ ᠦᠢᠯᠡᠴᠢᠯᠡᠭᠡᠨ ᠤ ᠴᠢᠳᠠᠮᠵᠢ

ᠪᠣᠯᠤᠨ ᠣᠨᠴᠠᠯᠢᠭ ᠲᠠᠢ ᠭᠢᠯᠠᠰ ᠴᠡᠭ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠣᠶᠢᠯᠠᠭᠠᠵᠤ᠂ ᠠᠵᠢᠯ

ᠣᠯᠭᠤᠯᠲᠠ ᠶᠢᠨ ᠳᠡᠩᠰᠡᠯᠡᠯᠲᠡ᠂ ᠠᠵᠢᠯ ᠡᠷᠢᠬᠦ ᠵᠢᠯᠣᠭᠤᠳᠣᠯᠭ᠎ᠠ᠂ ᠦᠢᠯᠡᠴᠢᠯᠡᠬᠡᠨ ᠤ ᠶᠠᠪᠤᠴᠠ ᠵᠡᠷᠭᠡ ᠲᠠᠩᠰᠠ ᠡᠪᠬᠡᠮᠡᠯ ᠢ

ᠪᠠᠶᠢᠴᠠᠭᠠᠨ ᠦᠵᠡᠵᠦ᠂ ᠬᠥᠳᠡᠯᠮᠦᠷᠢ ᠬᠦᠴᠦᠨ ᠤ ᠡᠬᠢ ᠪᠠᠶᠠᠯᠢᠭ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ

ᠣᠯᠭᠤᠯᠲᠠ᠂ ᠨᠠᠰᠦ ᠠᠬᠢᠨᠨᠰᠡᠨ ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠣᠯᠭᠤᠯᠲᠠ᠂ ᠠᠵᠢᠯ ᠮᠡᠷᠭᠡᠵᠢᠯ ᠤᠨ

ᠪᠣᠯᠪᠠᠰᠤᠷᠠᠭᠤᠯᠤᠯ ᠵᠢᠴᠢ ᠠᠵᠢᠯ ᠮᠡᠷᠭᠡᠵᠢᠯ ᠤᠨ ᠵᠢᠯᠣᠭᠤᠳᠣᠯᠭ᠎ᠠ ᠵᠡᠷᠭᠡ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠨᠠᠷᠢᠨ

ᠣᠶᠢᠯᠠᠭᠠᠪᠠ᠃

     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠳᠦᠷ ᠤᠨ ᠬᠦᠴᠦᠨ ᠤ ᠵᠠᠬ᠎ᠠ ᠳᠡᠯᠭᠡᠭᠦᠷ

ᠪᠣᠯ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠴᠢᠬᠤᠯᠠ ᠨᠢᠭᠡ ᠭᠤᠭᠴᠤᠭ᠎ᠠ᠂

ᠠᠷᠠᠳ ᠣᠯᠠᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠪᠦᠲᠦᠮᠵᠢᠲᠡᠶ ᠠᠷᠭ᠎ᠠ ᠪᠠᠷᠢᠯ ᠮᠥᠨ᠂

ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠳᠦᠷ ᠤᠨ ᠬᠦᠴᠦᠨ ᠤ

ᠠᠵᠢᠯᠲᠠᠨ ᠤ ᠠᠵᠢᠯ ᠤᠯᠬᠤ ᠳᠤ ᠰᠠᠶᠢᠨ᠂ ᠰᠠᠶᠢᠨ ᠠᠵᠢᠯ ᠣᠯᠭᠤᠵᠦ᠂ ᠡᠨᠡᠬᠦ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ

ᠦᠢᠯᠡᠴᠢᠯᠡᠬᠡᠨ ᠤ ᠲᠠᠪᠴᠠᠩ ᠢ ᠠᠮᠢᠳᠤᠯᠢᠭ ᠢᠶᠠᠷ ᠬᠡᠷᠡᠭᠯᠡᠵᠦ᠂ ᠰᠠᠶᠢᠲᠤᠷ ᠬᠡᠷᠡᠭᠯᠡᠬᠦ ᠬᠡᠷᠡᠭᠲᠡᠶ᠃ ᠡᠳᠦᠷ ᠤᠨ ᠬᠦᠴᠦᠨ ᠤ

ᠵᠠᠬ᠎ᠠ ᠳᠡᠯᠭᠡᠭᠦᠷ ᠤᠨ ᠪᠠᠶᠢᠭᠤᠯᠤᠯᠲᠠ ᠪᠠ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂

ᠡᠳᠦᠷ ᠤᠨ ᠬᠦᠴᠦᠨ ᠤ ᠦᠢᠯᠡᠴᠢᠯᠡᠭᠡᠨ ᠤ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠴᠢᠳᠠᠮᠵᠢ ᠶᠢ

ᠲᠡᠭᠦᠯᠳᠡᠷᠵᠢᠭᠦᠯᠵᠦ᠂ ᠤᠯᠠᠨ ᠲᠦᠮᠡᠨ ᠤ ᠠᠮᠢᠳᠤᠷᠠᠯ᠂ ᠠᠵᠢᠯ ᠣᠯᠭᠤᠯᠲᠠ ᠳᠤ ᠨᠡᠩ ᠤᠯᠠᠨ ᠲᠦᠬᠦᠮ ᠦᠵᠡᠭᠦᠯᠵᠦ᠂ ᠨᠡᠩ

ᠭᠦᠢᠴᠡᠳ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠬᠡᠷᠡᠭᠲᠡᠢ᠃

     

       

        ᠰᠤᠷᠪᠤᠯᠵᠢᠯᠠᠭᠴᠢ᠄ ᠵᠠᠩ ᠵᠢᠣᠸᠠᠨ      ᠭᠤᠤ ᠸᠧᠶ

        ᠣᠷᠴᠢᠭᠤᠯᠣᠨ ᠨᠠᠶᠢᠷᠠᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号