ᠯᠢ ᠵᠢᠶᠠᠨ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/21
        11 ᠰᠠᠷ᠎ᠠ ᠶᠢᠨ 19 ᠤ ᠡᠳᠦᠷ᠂ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠸᠠᠩ ᠴᠠᠩ ᠯᠦᠩ ᠲᠣᠰᠬᠤᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠪᠣᠯᠪᠠᠰᠤᠨ ᠤ ᠦᠢᠯᠡᠳᠦᠯᠭᠡ ᠪᠣᠯᠤᠨ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃

      ᠯᠢ ᠵᠢᠶᠠᠨ ᠵᠢᠶᠦ᠋ᠨ ᠤᠷᠢᠳ ᠬᠤᠵᠢᠳ ᠥᠪᠥᠷ ᠮᠣᠩᠭᠤᠯ ᠤᠨ ᠬᠤᠸᠠ ᠳ᠋ᠢᠶᠠᠨ ᠬᠦᠢᠲᠡᠨᠰᠢᠯᠢ ᠰᠠᠯᠬᠢᠨ ᠬᠦᠴᠦᠨ ᠤ

ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠵᠡᠭᠡᠷᠡᠲᠦ ᠬᠤᠲᠠ ᠪᠠᠯᠭᠠᠰᠤᠨ ᠤ ᠭᠤᠸᠠᠩ ᠴᠠᠩ ᠯᠦᠩ ᠲᠣᠰᠬᠤᠨ ᠳᠤ

ᠬᠦᠷᠴᠦ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ᠃

      ᠯᠢ ᠵᠢᠶᠠᠨ ᠵᠢᠶᠦ᠋ᠨ ᠠᠴᠠ᠂ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ

ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠪᠠ ᠠᠵᠤ ᠠᠬᠤᠶᠢᠯᠠᠯ ᠤᠨ ᠰᠣᠶᠣᠯ ᠤᠨ

ᠪᠠᠶᠢᠭᠤᠯᠤᠯᠲᠠ ᠶᠢ ᠴᠢᠩᠭᠠᠳᠬᠠᠵᠤ᠂ ᠣᠶᠤᠨ ᠤ ᠪᠣᠯᠪᠠᠰᠤᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ

ᠡᠭᠦᠳᠬᠦ ᠶᠢ ᠬᠠᠷᠢᠯᠴᠠᠨ ᠳᠣᠪᠤᠶᠢᠯᠭᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ

ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠣᠭᠲᠠᠴᠠ ᠶᠢ

ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠰᠠᠨᠠᠭᠠᠴᠢᠯᠠᠵᠤ᠂ ᠬᠥᠳᠡᠭᠡ ᠲᠣᠰᠬᠤᠨ ᠤ

ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠲᠣᠰᠬᠤᠨ ᠳᠤ ᠰᠠᠭᠤᠬᠤ ᠠᠵᠢᠯᠯᠠᠬᠤ

ᠠᠩᠭᠢ ᠶᠢ ᠬᠠᠯᠠᠮᠵᠢᠯᠠᠨ ᠳᠡᠮᠵᠢᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠲᠥᠯᠥᠨ ᠳᠠᠭᠠᠭᠤᠯᠬᠤ ᠦᠢᠯᠡᠳᠦᠯ ᠢ

ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ  ᠬᠡᠷᠡᠭᠲᠡᠶ  

ᠭᠡᠪᠡ᠃

 

               

                ᠰᠤᠷᠪᠤᠯᠵᠢᠯᠠᠭᠴᠢ᠄ ᠵᠠᠩ ᠹᠸᠢ ᠢᠤᠢ    ᠵᠠᠩ ᠯᠢ ᠨᠠ

                ᠣᠷᠴᠢᠭᠤᠯᠤᠨ ᠨᠠᠶᠢᠷᠠᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号