ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠵᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠬᠦ ᠶᠢᠨ ᠲᠥᠯᠥᠭᠡ᠂ 10 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠶᠠᠩ ᠯᠢ ᠮᠧᠶ ᠨᠡᠷ ᠬᠦᠷᠢᠶ᠎ᠡ ᠰᠤᠮᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠵᠢᠯᠣᠭᠤᠳᠪᠠ᠃ | | | | | ᠶᠠᠩ ᠯᠢ ᠮᠧᠢ ᠰᠤᠮᠤ ᠶᠢᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ | ᠠᠵᠢᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠭᠰᠡᠨ ᠪᠥᠭᠡᠳ ᠬᠠᠨᠳᠤᠯᠭᠠᠲᠤ ᠴᠢᠨᠠᠷᠲᠠᠢ ᠵᠢᠯᠣᠭᠤᠳᠬᠤ ᠰᠠᠨᠠᠯ | ᠳᠤᠷᠠᠳᠴᠠᠢ᠃ | ᠳᠠᠷᠠᠭᠠᠴᠢ ᠶᠢᠨ ᠠᠯᠬᠤᠮ ᠳᠤ᠂ ᠬᠦᠷᠢᠶ᠎ᠡ ᠰᠤᠮᠤ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠣᠭᠤᠰᠢᠯᠠᠭᠤᠯᠵᠦ᠂ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠠᠵᠢᠯ ᠤᠨ ᠬᠠᠮᠵᠢᠯᠴᠠᠭ᠎ᠠ᠂ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠤᠨ ᠲᠣᠭᠲᠠᠴᠠ ᠶᠢ | ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ | ᠴᠢᠨᠠᠭᠰᠢᠳᠠ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠣᠭᠤᠯᠵᠦ᠂ | ᠦᠵᠡᠰᠬᠦᠯᠡᠩᠲᠦ ᠰᠠᠶᠢᠬᠠᠨ ᠬᠦᠷᠢᠶ᠎ᠡ ᠰᠣᠮᠣ ᠶᠢ ᠬᠦᠴᠦᠯᠡᠨ ᠪᠠᠶᠢᠭᠤᠯᠤᠨ᠎ᠠ᠃ | | | ᠵᠣᠬᠢᠶᠠᠭᠴᠢ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ | ᠣᠷᠴᠢᠭᠤᠯᠤᠨ ᠨᠠᠶᠢᠷᠠᠭᠤᠯᠤᠭᠴᠢ᠄ ᠪᠣᠣ ᠬᠤᠩ ᠯᠢᠶᠠᠩ |