| ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄ | ᠮᠠᠨ ᠤ ᠬᠤᠰᠢᠭᠤᠨ ᠤ 2024 ᠣᠨ ᠤ ᠨᠠᠮᠤᠷ ᠤᠨ ᠤᠯᠠᠷᠢᠯ ᠤᠨ ᠠᠮᠢᠲᠠᠨ ᠤ ᠬᠦᠨᠳᠦ ᠶᠡᠭᠡ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠮᠢᠲᠠᠨ ᠤ ᠬᠢᠵᠢᠭ ᠤᠨ ᠠᠯᠢᠪᠠ | ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠪᠠ ᠠᠮᠢᠲᠠᠨ ᠤ | ᠪᠦᠲᠦᠭᠡᠭᠳᠡᠬᠦᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠡᠷᠡᠭ ᠡᠭᠦᠰᠬᠦ ᠥᠬᠡᠶ | ᠪᠠᠶᠢᠬᠤ ᠶᠢ ᠪᠠᠲᠤᠯᠠᠬᠤ ᠶᠢᠨ ᠲᠥᠯᠥᠭᠡ᠂ ᠡᠯ᠎ᠡ ᠭᠠᠵᠠᠷ ᠤᠨ ᠬᠢᠨ ᠨᠠᠮᠤᠷ ᠤᠨ ᠤᠯᠠᠷᠢᠯ ᠤᠨ ᠠᠮᠢᠲᠠᠨ ᠤ ᠬᠦᠨᠳᠦ ᠶᠡᠭᠡ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠂ | ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠲᠣᠬᠢᠷᠠᠭᠤᠯᠪᠠ᠄ | ᠨᠢᠭᠡ᠂ ᠡᠭᠡᠯᠢᠯᠡᠭᠡ ᠶᠢᠨ ᠴᠠᠭ ᠪᠠ ᠱᠠᠭᠠᠷᠳᠠᠯᠭ᠎ᠠ | 9 ᠰᠠᠷ᠎ᠠ ᠶᠢᠨ 20 ᠤ ᠡᠳᠦᠷ ᠠᠴᠠ 11 ᠰᠠᠷ᠎ᠠ ᠶᠢᠨ 3 ᠤ ᠡᠳᠦᠷ ᠪᠣᠯᠲᠠᠯ᠎ᠠ ᠨᠠᠮᠤᠷ ᠤᠨ ᠤᠯᠠᠷᠢᠯ ᠤᠨ | ᠬᠢᠵᠢᠭ ᠢ ᠰᠡᠷᠭᠡᠶᠢᠯᠡᠬᠦ ᠶᠡᠭᠡ ᠬᠠᠮᠲᠤᠷᠠᠭᠰᠠᠨ ᠪᠠᠶᠢᠯᠳᠤᠭᠠᠨ ᠤ ᠴᠠᠭ ᠪᠣᠯᠤᠨ᠎ᠠ᠂ ᠡᠯ᠎ᠡ ᠭᠠᠵᠠᠷ ᠤᠨ ᠬᠢᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠴᠠᠭ ᠬᠤᠭᠤᠴᠠᠭ᠎ᠠ ᠪᠠᠨ | ᠲᠥᠪᠯᠡᠷᠡᠭᠦᠯᠦᠨ ᠪᠡᠶᠡᠯᠡᠭᠦᠯᠬᠦ ᠬᠡᠷᠡᠭᠲᠡᠶ᠃ ᠲᠥᠪᠯᠡᠷᠡᠭᠦᠯᠦᠨ ᠡᠭᠡᠯᠢᠯᠡᠭᠡ ᠬᠢᠬᠦ ᠭᠤᠤᠯᠳᠠᠯᠭ᠎ᠠ ᠨᠢ ᠰᠢᠯᠦᠬᠡᠶ ᠡᠪᠡᠳᠴᠢᠨ᠂ | ᠬᠢᠪᠡᠭᠴᠢ ᠪᠠᠭ᠎ᠠ ᠮᠠᠯ ᠤᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ | ᠲᠠᠭᠰᠢᠭᠤᠷ᠂ ᠲᠠᠬᠢᠶᠠᠨ ᠤ ᠬᠢᠵᠢᠭ᠂ ᠭᠠᠭ᠋ᠠᠶ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠠᠮᠢᠲᠠᠨ ᠤ ᠬᠦᠨᠳᠦ ᠶᠡᠭᠡ | ᠬᠢᠵᠢᠭ ᠡᠪᠡᠳᠴᠢᠨ ᠵᠢᠴᠢ ᠬᠦᠷᠢᠶ᠎ᠡ ᠰᠤᠮᠤ ᠶᠢᠨ ᠮᠢᠬᠠᠨ ᠤ ᠬᠤᠤᠷᠲᠤ ᠤᠷᠬᠢᠴᠠᠯᠢᠭ ᠪᠠᠺᠲ᠋ᠧᠷᠢ ᠶᠢᠨ ᠡᠪᠡᠳᠴᠢᠨ | ᠪᠣᠯᠤᠨ᠎ᠠ᠃ ᠡᠯ᠎ᠡ ᠰᠤᠮᠤ ᠰᠢᠶᠠᠩ ᠪᠠᠯᠭᠠᠰᠤ ᠡᠷᠬᠡᠪᠰᠢ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠲᠣᠬᠢᠷᠠᠭᠤᠯᠤᠭᠰᠠᠨ ᠴᠠᠭ ᠤᠨ ᠬᠢᠵᠠᠭᠠᠷ ᠤᠨ ᠶᠣᠰᠣᠭᠠᠷ ᠶᠠᠰᠤ ᠴᠢᠨᠠᠷ ᠪᠠ ᠲᠤᠭ᠎ᠠ | ᠬᠡᠮᠵᠢᠶ᠎ᠡ ᠶᠢ ᠪᠠᠲᠤᠯᠠᠨ ᠡᠭᠦᠷᠭᠡ ᠪᠠᠨ ᠪᠡᠶᠡᠯᠡᠭᠦᠯᠵᠦ᠂ ᠱᠠᠲᠤ ᠦᠶ᠎ᠡ ᠪᠦᠷᠢ ᠳᠤ ᠬᠤᠶᠢᠰᠢᠯᠠᠭᠤᠯᠵᠤ ᠪᠡᠶᠡᠯᠡᠭᠦᠯᠦᠭᠰᠡᠨ | ᠪᠠᠶᠢᠪᠠᠯ ᠬᠢᠵᠢᠭ ᠢ ᠰᠡᠷᠭᠡᠶᠢᠯᠡᠬᠦ ᠠᠵᠢᠯ ᠬᠢᠭᠰᠡᠨ ᠦᠭᠡᠢ ᠭᠡᠵᠦ ᠦᠵᠡᠨ᠎ᠡ᠃ ᠪᠤᠶ ᠪᠦᠬᠦᠢ ᠬᠡᠪᠴᠢᠶᠡᠲᠦ ᠲᠡᠵᠢᠭᠡᠨ | ᠦᠷᠡᠵᠢᠭᠦᠯᠬᠦ ᠲᠠᠯᠠᠪᠠᠶ ᠨᠢ ᠡᠷᠬᠡᠪᠰᠢ ᠨᠢᠭᠡᠳᠦᠭᠡᠷ ᠱᠠᠲᠤ ᠥᠶ᠎ᠡ ᠳᠤ ᠡᠭᠡᠯᠢᠯᠡᠭᠡ ᠬᠢᠬᠦ ᠶᠢ ᠪᠡᠶᠡᠯᠡᠭᠦᠯᠬᠦ ᠬᠡᠷᠡᠭᠲᠡᠶ᠃ | ᠨᠠᠮᠤᠷ ᠤᠨ ᠰᠡᠷᠭᠡᠶᠢᠯᠡᠯᠲᠡ ᠶᠢ ᠭᠤᠷᠪᠠᠨ ᠱᠠᠲᠤ ᠬᠤᠪᠢᠶᠠᠨ᠎ᠠ᠄ ᠨᠡᠶᠢᠲᠡ 45 ᠡᠳᠦᠷ᠃ | ᠨᠢᠭᠡᠳᠦᠭᠡᠷ ᠱᠠᠲᠤ᠄ ᠭᠠᠭ᠋ᠠᠶ᠂ ᠦᠬᠡᠷ᠂ ᠬᠤᠨᠢᠨ ᠤ ᠰᠢᠯᠦᠬᠡᠢ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ | ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠡᠭᠡᠯᠢᠯᠡᠭᠡ ᠶᠢᠨ ᠱᠠᠲᠤ᠂ ᠴᠠᠭ ᠨᠢ 9 ᠰᠠᠷ᠎ᠠ ᠶᠢᠨ 20 ᠤ | ᠡᠳᠦᠷ ᠠᠴᠠ 10 ᠰᠠᠷ᠎ᠠ ᠶᠢᠨ 4 ᠤ ᠡᠳᠦᠷ ᠪᠣᠯᠤᠨ᠎ᠠ᠃ | ᠬᠤᠶᠠᠳᠤᠭᠠᠷ ᠱᠠᠳᠦ᠄ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠶ ᠶᠢᠨ ᠡᠪᠡᠳᠴᠢᠨ᠂ ᠲᠠᠬᠢᠶᠠᠨ ᠤ | ᠬᠢᠵᠢᠭ᠂ ᠪᠷᠦ᠋ᠼᠧᠯ ᠡᠪᠡᠳᠴᠢᠨ᠂ ᠬᠦᠷᠢᠶ᠎ᠡ ᠰᠤᠮᠤ ᠶᠢᠨ ᠮᠢᠬᠠᠨ ᠤ ᠬᠤᠤᠷᠲᠤ ᠣᠷᠬᠢᠴᠠᠯᠢᠭ ᠪᠠᠺᠲ᠋ᠧᠷᠢ ᠶᠢᠨ | ᠡᠪᠡᠳᠴᠢᠨ ᠤ ᠡᠭᠡᠯᠢᠯᠡᠭᠡ ᠶᠢᠨ ᠱᠠᠲᠤ ᠪᠠᠶᠢᠵᠤ᠂ 10 ᠳ᠋ᠤᠭᠠᠷ ᠰᠠᠷ᠎ᠠ ᠶᠢᠨ 5 ᠤ ᠡᠳᠦᠷ ᠠᠴᠠ 10 ᠳ᠋ᠤᠭᠠᠷ | ᠰᠠᠷ᠎ᠠ ᠶᠢᠨ 19 ᠤ ᠡᠳᠦᠷ ᠪᠣᠯᠲᠠᠯ᠎ᠠ᠃ | ᠭᠤᠷᠪᠠᠳᠤᠭᠠᠷ ᠱᠠᠲᠤ᠄ ᠭᠠᠭ᠋ᠠᠶ ᠶᠢᠨ ᠬᠢᠵᠢᠭ᠂ ᠬᠡᠪᠢᠭᠴᠢ ᠪᠠᠭ᠎ᠠ ᠮᠠᠯ ᠤᠨ ᠬᠢᠵᠢᠭ ᠪᠠ ᠬᠤᠨᠢᠨ ᠤ ᠴᠡᠴᠡᠭ | ᠡᠪᠡᠳᠴᠢᠨ᠂ ᠬᠤᠨᠢ ᠶᠢᠨ ᠭᠤᠷᠪᠠᠨ ᠬᠡᠯᠬᠢᠶ᠎ᠡ ᠵᠢᠴᠢ ᠪᠤᠰᠤᠳ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ | ᠡᠭᠡᠯᠢᠯᠡᠭᠡ ᠶᠢᠨ ᠱᠠᠲᠤ ᠦᠶ᠎ᠡ ᠪᠣᠯᠤᠨ᠎ᠠ᠂ 10 ᠳ᠋ᠤᠭᠠᠷ ᠰᠠᠷ᠎ᠠ ᠶᠢᠨ 20 ᠤ ᠡᠳᠦᠷ ᠠᠴᠠ 11 ᠳ᠋ᠦ᠋ᠭᠡᠷ ᠰᠠᠷ᠎ᠠ ᠶᠢᠨ | 3 ᠤ ᠡᠳᠦᠷ ᠪᠣᠯᠲᠠᠯ᠎ᠠ᠃ | ᠠᠮᠢᠲᠠᠨ ᠤ ᠡᠭᠡᠯᠢᠯᠡᠭᠡ ᠳᠤ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ︽2015 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ | ᠡᠭᠡᠯᠢᠯᠡᠭᠡ ᠬᠢᠬᠦ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠨᠡᠶᠢᠲᠡ | ᠴᠣᠭᠴᠠ ᠶᠢᠨ ᠡᠭᠡᠯᠢᠯᠡᠭᠡ ᠶᠢᠨ ᠨᠢᠭᠲᠠᠴᠠ ᠶᠢ ᠵᠢᠯ ᠲᠤᠷᠰᠢ 90% ᠠᠴᠠ ᠳᠡᠭᠡᠭᠰᠢ ᠳᠤ ᠪᠠᠶᠢᠯᠭᠠᠬᠤ ᠶᠢ ᠦᠨᠡᠨᠬᠦ | ᠪᠠᠲᠤᠯᠠᠵᠤ᠂ ᠮᠠᠯ ᠵᠢᠭᠦᠷᠲᠡᠨ ᠤ ᠡᠭᠡᠯᠢᠯᠡᠭᠡ ᠶᠢᠨ ᠨᠢᠭᠲᠠᠴᠠ ᠶᠢ 100% ᠳᠤ ᠬᠦᠷᠦᠭᠦᠯᠵᠦ᠂ ᠡᠭᠡᠯᠢᠯᠡᠭᠡ ᠶᠢᠨ | ᠡᠰᠡᠷᠭᠦᠴᠡᠭᠴᠢ ᠶᠢᠨ ᠬᠢᠷᠢ ᠲᠡᠩᠴᠡᠬᠦ ᠨᠣᠷᠮ᠎ᠠ ᠶᠢ ᠪᠦᠬᠦ ᠵᠢᠯ ᠳᠤ 70% ᠠᠴᠠ ᠳᠡᠭᠡᠭᠰᠢ ᠳᠤ ᠪᠠᠶᠢᠯᠭᠠᠵᠤ᠂ ᠪᠦᠷᠢᠨ | ᠪᠦᠲᠦᠨ ᠨᠠᠷᠢᠨ ᠪᠣᠳᠠᠲᠠᠶ ᠡᠭᠡᠯᠢᠯᠡᠭᠡ ᠶᠢᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠶ᠃ | ᠬᠤᠶᠠᠷ᠂ ᠪᠡᠳᠡᠭᠢ ᠶᠢᠨ ᠬᠤᠷᠤᠬᠠᠶᠢᠲᠤ ᠡᠪᠡᠳᠴᠢᠨ ᠢ ᠰᠡᠷᠭᠡᠶᠢᠯᠡᠨ ᠵᠠᠰᠠᠵᠤ᠂ ᠭᠡᠷ ᠤᠨ ᠨᠤᠬᠠᠢ ᠶᠢᠨ | ᠬᠤᠷᠣᠬᠠᠢ ᠶᠢ ᠬᠦᠬᠡᠬᠡᠵᠦ᠂ ᠬᠤᠷᠣᠬᠠᠢ ᠶᠢᠨ ᠦᠨᠳᠡᠭᠡ ᠶᠢᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠠᠴᠠ | ᠪᠣᠯᠵᠤ ᠳᠠᠬᠢᠨ ᠬᠠᠯᠳᠠᠪᠤᠷᠢᠯᠠᠬᠤ ᠶᠢ ᠰᠡᠷᠭᠡᠶᠢᠯᠡᠨ᠎ᠡ᠃ ᠬᠤᠷᠤᠬᠠᠢ ᠬᠥᠭᠡᠭᠡᠬᠦ ᠶᠠᠪᠤᠴᠠ ᠳᠤ᠂ ᠨᠣᠬᠠᠶ ᠳᠤ ᠡᠮ | ᠲᠠᠯᠪᠢᠬᠤ ᠶᠢ ᠱᠠᠭᠠᠷᠳᠠᠵᠤ᠂ ᠡᠵᠡᠨ ᠥᠬᠡᠶ ᠨᠣᠬᠠᠶ ᠲᠥᠪᠯᠡᠷᠡᠭᠰᠡᠨ ᠲᠠᠯᠠᠪᠤᠷ ᠪᠤᠶᠤ ᠦᠷᠭᠦᠯᠵᠢ ᠭᠠᠷᠴᠤ ᠣᠷᠣᠵᠦ | ᠪᠠᠶᠢᠭ᠎ᠠ ᠲᠠᠯᠠᠪᠤᠷ ᠲᠤ ᠬᠤᠷᠣᠬᠠᠶ ᠬᠥᠭᠡᠭᠡᠬᠦ ᠡᠮ ᠤᠨ ᠥᠭᠶᠥᠭᠡ ᠲᠠᠯᠪᠢᠬᠤ ᠶᠢᠨ ᠬᠠᠮᠲᠤ ᠳᠡᠩᠰᠡᠯᠡᠨ ᠲᠡᠮᠳᠡᠭᠯᠡᠬᠦ | ᠠᠵᠢᠯ ᠢ ᠰᠠᠶᠢᠲᠤᠷ ᠬᠢᠬᠦ ᠶᠢ ᠱᠠᠭᠠᠷᠳᠠᠪᠠ᠃ | ᠭᠤᠷᠪᠠ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ | ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠮᠠᠨ ᠤ ᠬᠤᠰᠢᠭᠤᠨ ᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠬᠡᠪᠴᠢᠶ᠎ᠡ ᠲᠠᠢ ᠪᠠᠷ ᠭᠠᠭ᠋ᠠᠢ ᠲᠡᠵᠢᠭᠡᠬᠦ | ᠲᠠᠯᠠᠪᠠᠢ ᠶᠢ ᠬᠤᠰᠢᠭᠤᠨ ᠤ ᠮᠠᠯ ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠬᠠᠷᠢᠭᠤᠴᠠᠨ | ᠰᠡᠷᠭᠡᠶᠢᠯᠡᠨ ᠡᠵᠡᠮᠳᠡᠵᠦ᠂ ᠣᠶᠢᠯᠠᠭᠠᠨ ᠵᠢᠭᠰᠠᠭᠠᠵᠤ᠂ ᠠᠷᠢᠭᠤᠳᠬᠠᠨ᠎ᠠ᠂ ᠰᠤᠯᠠ ᠲᠡᠵᠢᠭᠡᠵᠦ ᠪᠠᠶᠢᠭ᠎ᠠ ᠡᠷᠦᠬᠡ ᠶᠢ ᠪᠣᠯ | ᠬᠠᠷᠢᠭᠤᠴᠠᠵᠦ ᠪᠠᠶᠢᠭ᠎ᠠ ᠬᠢᠵᠢᠭ ᠢ ᠰᠡᠷᠭᠡᠶᠢᠯᠡᠬᠦ ᠠᠵᠢᠯᠳᠡᠨ ᠠᠴᠠ ᠬᠢᠵᠢᠭ ᠢ ᠰᠡᠷᠭᠡᠶᠢᠯᠡᠨ ᠬᠢᠵᠠᠭᠠᠷᠯᠠᠵᠤ᠂ ᠪᠠᠶᠢᠴᠠᠭᠠᠨ | ᠵᠢᠭᠰᠠᠭᠠᠵᠤ᠂ ᠠᠷᠢᠭᠤᠳᠬᠠᠨ᠎ᠠ᠃ | ᠳᠥᠷᠪᠡ᠂ ᠬᠢᠵᠢᠭ ᠢ ᠰᠡᠷᠭᠡᠶᠢᠯᠡᠬᠦ ᠶᠠᠪᠤᠴᠠ ᠳᠤ᠂ ᠡᠯ᠎ᠡ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ | ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠪᠥᠬᠦ ᠰᠢᠶᠠᠩ ᠤᠨ ᠬᠢᠵᠢᠭ ᠢ ᠰᠡᠷᠭᠡᠶᠢᠯᠡᠬᠦ ᠠᠵᠢᠯ ᠢ | ᠵᠢᠯᠣᠭᠤᠳᠬᠤ᠂ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠤᠰᠬᠠᠶ ᠬᠥᠮᠦᠨ ᠰᠣᠩᠭᠤᠨ ᠵᠣᠬᠢᠶᠠᠨ ᠪᠠᠶᠢᠭᠤᠯᠵᠤ | ᠮᠥᠷᠳᠡᠨ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ᠂ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ | ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠱᠠᠲᠤ ᠦᠶ᠎ᠡ ᠨᠢᠭᠡᠪᠦᠷᠢ ᠶᠢᠨ ᠬᠢᠵᠢᠭ ᠢ ᠰᠡᠷᠭᠡᠶᠢᠯᠡᠬᠦ | ᠠᠬᠢᠴᠠ ᠶᠢᠨ ᠪᠠᠶᠢᠳᠠᠯ ᠢ ᠪᠢᠴᠢᠭ ᠤᠨ ᠬᠡᠯᠪᠡᠷᠢ ᠪᠠᠷ ᠴᠠᠭ ᠲᠤᠬᠠᠶ ᠳᠤᠨᠢ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠮᠠᠯ ᠠᠵᠤ ᠠᠬᠤᠶ ᠮᠠᠯ ᠡᠮᠨᠡᠯᠭᠡ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠴᠠᠭ ᠲᠤᠬᠠᠶ ᠳᠤᠨᠢ ᠮᠡᠳᠡᠭᠦᠯᠦᠨ᠎ᠡ᠃ ᠨᠠᠮᠤᠷ ᠤᠨ ᠰᠡᠷᠭᠡᠶᠢᠯᠡᠯᠲᠡ | ᠳᠠᠭᠤᠰᠤᠭᠰᠠᠨ ᠤ ᠳᠠᠷᠠᠭ᠎ᠠ᠂ ᠡᠯ᠎ᠡ ᠭᠠᠵᠠᠷ ᠤᠨ ᠬᠢᠨ ᠲᠤᠰᠬᠠᠶ ᠰᠡᠳᠦᠪᠲᠦ ᠳ᠋ᠦᠩᠨᠡᠯᠲᠡ ᠬᠢᠵᠦ᠂ 12 ᠰᠠᠷ᠎ᠠ ᠶᠢᠨ | ᠳᠤᠮᠳᠠᠴᠢ ᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠮᠠᠯ ᠠᠵᠤ ᠠᠬᠤᠶ ᠮᠠᠯ ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠬᠠᠮᠢᠶ᠎ᠠ | ᠪᠥᠬᠦᠶ ᠠᠵᠢᠯᠲᠠᠨ ᠢ ᠵᠣᠬᠢᠶᠠᠨ ᠪᠠᠶᠢᠭᠤᠯᠤᠨ ᠨᠠᠮᠤᠷ ᠤᠨ ᠰᠡᠷᠭᠡᠶᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠪᠠᠶᠢᠴᠠᠭᠠᠵᠤ | ᠰᠢᠯᠭᠠᠨ ᠠᠪᠬᠤ ᠬᠡᠷᠡᠭᠲᠡᠶ᠃ | 2024 ᠣᠨ ᠤ 9 ᠰᠠᠷ᠎ᠠ ᠶᠢᠨ 18 ᠤ ᠡᠳᠦᠷ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | | | | | | |