ᠪᠠᠲᠤᠵᠢᠷᠭᠠᠯ ᠨᠠᠷ ᠬᠦᠷᠢᠶ᠎ᠡ ᠰᠤᠮᠤᠨ ᠳᠤ ᠭᠦᠨᠵᠡᠭᠡᠶᠢᠷᠡᠨ ᠴᠠᠭᠠᠨ ᠰᠠᠷ᠎ᠠ ᠶᠢᠨ ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/1
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠬᠢᠯ ᠳᠤ ᠬᠦᠷᠭᠡᠬᠦ ᠶᠢᠨ ᠲᠥᠯᠥᠭᠡ᠂ 1 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠲᠤᠵᠢᠷᠭᠠᠯ ᠨᠠᠷ ᠬᠦᠷᠢᠶ᠎ᠡ ᠰᠤᠮᠤ ᠳᠤ ᠭᠦᠨᠵᠡᠭᠡᠶᠢᠷᠡᠨ ᠬᠦᠴᠢᠷᠳᠡᠯᠲᠡᠶ ᠨᠠᠮ ᠤᠨ ᠭᠡᠰᠢᠭᠦᠨ᠂ ᠬᠦᠴᠢᠷᠳᠡᠯᠲᠡᠶ ᠨᠠᠰᠤᠲᠠᠨ ᠵᠢᠴᠢ ᠬᠡᠤᠬᠡᠳ ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠵᠡᠮᠳᠡᠭ ᠴᠡᠷᠢᠭ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠲᠣᠬᠤᠨᠢᠭᠤᠯᠭ᠎ᠠ ᠶᠢᠨ ᠮᠥᠩᠭᠦ ᠬᠦᠷᠭᠡᠪᠡ᠃

     ᠬᠦᠷᠦᠭᠰᠡᠨ ᠭᠠᠵᠠᠷ ᠪᠣᠯᠭᠠᠨ ᠳᠤ᠂ ᠲᠣᠬᠤᠨᠢᠭᠤᠯᠬᠤ ᠳᠤᠭᠤᠶᠢᠯᠠᠩ ᠲᠡᠳᠡᠨ ᠲᠠᠢ ᠵᠣᠭᠤᠭᠳᠠᠵᠤ᠂

ᠣᠶᠢᠷ᠎ᠠ ᠶᠢᠨ ᠪᠠᠶᠢᠳᠠᠯ ᠢ ᠶᠠᠷᠢᠯᠴᠠᠵᠤ᠂ ᠲᠡᠳᠡᠨ ᠤ ᠬᠡᠷ ᠪᠦᠯᠢ ᠶᠢᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ᠂

ᠠᠵᠤ ᠠᠬᠤᠶ ᠶᠢᠨ ᠢᠷᠡᠯᠲᠡ ᠶᠢ ᠬᠠᠯᠠᠮᠵᠢᠯᠠᠨ ᠠᠰᠠᠭᠤᠵᠤ᠂ ᠲᠡᠳᠡᠨ ᠢ ᠪᠠᠶᠠᠰᠤᠩᠭᠤᠶ ᠵᠣᠷᠢᠭ ᠰᠠᠨᠠᠭ᠎ᠠ ᠲᠠᠢ ᠪᠠᠶᠢᠵᠤ᠂

ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠢᠳᠡᠪᠬᠢᠲᠡᠶ ᠢᠯᠠᠨ ᠳᠠᠪᠠᠵᠤ᠂

ᠨᠠᠮ ᠪᠣᠯᠤᠨ ᠵᠠᠰᠠᠭ ᠤᠨ ᠣᠷᠳᠣᠨ ᠤ ᠳᠡᠮᠵᠢᠯᠭᠡ ᠳᠣᠤᠷ᠎ᠠ ᠠᠮᠢᠳᠤᠷᠠᠯ ᠢᠶᠠᠨ ᠤᠯᠠᠮ ᠠᠴᠠ ᠤᠯᠠᠮ

ᠰᠠᠶᠢᠵᠢᠷᠠᠭᠤᠯᠬᠤ ᠶᠢ ᠵᠣᠷᠢᠭᠵᠢᠭᠤᠯᠪᠠ᠃

        ᠵᠣᠬᠢᠶ᠋ᠬᠠᠴᠢ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号