ᠵᠡᠭᠡᠷᠡᠲᠦ ᠬᠤᠲᠠ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/28
           1 ᠰᠠᠷ᠎ᠠ ᠶᠢᠨ 31 ᠤ ᠡᠳᠦᠷ᠂ ᠵᠡᠭᠡᠷᠡᠲᠦ ᠬᠤᠲᠠ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠤᠷᠠᠯ ᠬᠤᠷᠠᠯᠳᠤᠭᠤᠯᠪᠠ᠃ ᠬᠤᠷᠠᠯ ᠢ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠳ᠋ᠧᠩ ᡁᠢ ᠶᠦᠩ ᠨᠥᠬᠦᠷ ᠡᠷᠭᠢᠯᠡᠵᠦ ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠮᠧᠩ ᠴᠢᠩ ᠢᠦᠶ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠵᠠᠶ᠃

     ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠳ᠋ᠧᠩ ᡁᠢ ᠶᠦᠩ 2023 ᠣᠨ ᠤ ᠨᠠᠮ ᠤᠨ ᠡᠭᠦᠷ ᠤᠨ

ᠠᠵᠢᠯ ᠢ ᠥᠷᠨᠢᠭᠦᠯᠦᠭᠰᠡᠨ ᠪᠠᠶᠢᠳᠠᠯ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠦᠯᠦᠭᠰᠡᠨ

ᠪᠥᠭᠡᠳ ᠨᠠᠮ ᠤᠨ ᠡᠭᠦᠷ ᠤᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ ᠨᠠᠮ ᠤᠨ

ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠲᠡᠰ

ᠳᠠᠷᠠᠭᠠᠯᠠᠨ ᠥᠪᠡᠷ ᠤᠨ ᠰᠢᠭᠦᠮᠵᠢᠯᠡᠯ ᠪᠠ ᠬᠠᠷᠢᠯᠴᠠᠨ ᠰᠢᠭᠦᠮᠵᠢᠯᠡᠯ ᠬᠢᠭᠰᠡᠨ ᠪᠥᠭᠡᠳ ᠨᠢᠭᠡᠳ ᠨᠢᠭᠡ ᠪᠠᠷ ᠣᠪᠣᠷ ᠢᠶᠠᠨ

ᠢᠯᠡᠳᠬᠡᠬᠦ ᠶᠠᠷᠢᠶ᠎ᠠ ᠲᠠᠯᠪᠢᠪᠠ᠃

     ᠣᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠾᠧ ᠯᠢᠶᠠᠨ ᠾᠧᠦ ᠨᠥᠬᠦᠷ ᠲᠣᠰ ᠤᠳᠠᠭᠠᠨ ᠤ

ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠪᠠ᠃ ᠲᠡᠷᠡ᠂

ᠡᠨᠡ ᠤᠳᠠᠭ᠎ᠠ ᠶᠢᠨ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠡᠯᠡᠳᠬᠡᠯ

ᠭᠦᠢᠴᠡᠳ᠂ ᠪᠣᠳᠠᠲᠠᠢ ᠲᠠᠢ ᠤᠶᠠᠯᠳᠤᠭᠤᠯᠵᠤ᠂ ᠲᠠᠨᠢᠯᠲᠠ ᠭᠦᠨᠵᠡᠭᠡᠢ᠂ ᠬᠤᠷᠴᠠ ᠰᠢᠷᠦᠭᠦᠨ ᠪᠠᠶᠢᠵᠤ᠂ ᠦᠷ᠎ᠡ

ᠪᠦᠲᠦᠮᠵᠢ ᠭᠠᠷᠭᠠᠵᠤ᠂ ᠤᠯᠠᠨ ᠢᠶᠠᠷ ᠢᠶᠠᠨ ᠥᠪᠡᠷ ᠤᠨ ᠰᠢᠭᠦᠮᠵᠢᠯᠡᠯ ᠢ ᠵᠣᠷᠢᠭᠲᠠᠢ ᠪᠠᠷ ᠳᠤᠲᠠᠭᠳᠠᠯ ᠢᠶᠠᠨ

ᠢᠯᠡᠴᠢᠯᠡᠵᠦ᠂ ᠠᠰᠠᠭᠤᠳᠠᠯ ᠳᠤ ᠰᠢᠭᠤᠳ ᠬᠠᠨᠳᠤᠵᠤ᠂ ᠬᠠᠷᠢᠯᠴᠠᠨ ᠰᠢᠭᠦᠮᠵᠢᠯᠡᠯ ᠬᠢᠬᠦ ᠳᠡᠭᠡᠨ ᠦᠨᠡᠨᠴᠢ ᠰᠢᠳᠤᠷᠭᠤ᠂

ᠣᠨᠣᠪᠴᠢᠲᠠᠢ ᠪᠠᠶᠢᠵᠤ᠂ ᠨᠡᠯᠢᠶᠡᠳ ᠠᠮᠵᠢᠯᠲᠠ ᠲᠠᠢ ᠶᠠᠪᠤᠭᠳᠠᠪᠠ᠃ ᠳᠠᠷᠠᠭᠠᠴᠢ ᠶᠢᠨ ᠠᠯᠬᠤᠮ ᠳᠤ᠂ ᠠᠵᠢᠯ ᠤᠨ

ᠪᠠᠶᠢᠷᠢ ᠶᠢᠨ ᠣᠨᠴᠠᠯᠢᠭ ᠲᠤ ᠨᠡᠩ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠰᠢᠳᠤᠷᠭᠤ ᠶᠢ ᠡᠷᠬᠢᠮᠯᠡᠵᠦ᠂

ᠰᠤᠷᠤᠯᠴᠠᠯᠭ᠎ᠠ ᠶᠢ ᠡᠷᠬᠢᠮᠯᠡᠵᠦ᠂ ᠬᠠᠷᠢᠭᠤᠴᠠᠯᠭ᠎ᠠ ᠶᠢ ᠡᠷᠬᠢᠮᠯᠡᠵᠦ᠂ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂

ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠭᠦᠨᠵᠡᠭᠡᠶᠢᠷᠡᠭᠦᠯᠵᠦ᠂ ᠠᠰᠠᠭᠤᠳᠠᠯ ᠢ ᠴᠡᠭᠴᠡᠯᠡᠨ

ᠰᠠᠶᠢᠵᠢᠷᠠᠭᠤᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠭᠤᠣᠯ ᠰᠡᠳᠦᠪᠲᠦ

ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠠᠵᠢᠯ ᠪᠣᠯᠤᠨ ᠲᠤᠬᠠᠶᠢᠯᠠᠭᠰᠠᠨ

ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃

      ᠡᠴᠦᠰ ᠲᠤ᠂ ᠪᠦᠬᠦ ᠨᠠᠮ ᠤᠨ ᠭᠡᠰᠢᠭᠦᠳ ᠨᠡᠷ᠎ᠡ ᠲᠡᠮᠳᠡᠭᠯᠡᠬᠦ ᠦᠭᠡᠢ ᠠᠷᠭ᠎ᠠ ᠮᠠᠶ᠋ᠢᠭ ᠢᠶᠠᠷ ᠨᠠᠷᠢᠨ

ᠬᠢᠨᠠᠮᠠᠭᠠᠢ ᠪᠠᠷ ᠲᠤᠬᠠᠢ ᠶᠢᠨ ᠭᠠᠵᠠᠷ ᠲᠤ ᠠᠷᠠᠳᠴᠢᠯᠠᠯ ᠢᠶᠠᠷ ᠦᠨᠡᠯᠡᠯᠲᠡ ᠬᠢᠪᠡ᠃ ᠨᠠᠮ ᠤᠨ ᠡᠭᠦᠷ ᠠᠷᠠᠳᠴᠢᠯᠠᠯ ᠢᠶᠠᠷ

ᠦᠨᠡᠯᠡᠭᠰᠡᠨ ᠪᠠᠶᠢᠳᠠᠯ ᠢ ᠦᠨᠳᠦᠰᠦᠯᠡᠨ᠂ ᠨᠠᠮ ᠤᠨ ᠭᠡᠰᠢᠭᠦᠨ ᠤ ᠡᠳᠦᠷ ᠲᠤᠲᠤᠮ ᠤᠨ ᠢᠯᠡᠷᠡᠯ ᠲᠠᠢ ᠤᠶᠠᠯᠳᠤᠭᠤᠯᠵᠤ

᠂ ᠪᠤᠰᠤᠳᠴᠢ ᠪᠥᠭᠡᠳ ᠲᠥᠪ ᠭᠤᠣᠯᠴᠢ ᠪᠠᠷ ᠪᠦᠬᠦ ᠨᠠᠮ ᠤᠨ ᠭᠡᠰᠢᠭᠦᠨ ᠳᠤ ᠦᠨᠡᠯᠡᠯᠲᠡ ᠬᠢᠪᠡ᠃

        ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

        ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号