ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/3/19
ᠬᠤᠰᠢᠭᠤᠨ ᠬᠠᠷᠢᠶ᠎ᠠ ᠬᠠᠮᠢᠶ᠎ᠠ ᠪᠦᠬᠦᠢ ᠨᠢᠭᠡᠴᠡ᠄      ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠤᠳᠤᠯᠤᠨ ᠲᠣᠭᠲᠠᠭᠠᠬᠤ ᠪᠠᠷ ᠳᠡᠮᠵᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠣᠰ ᠡᠳᠦᠷ ᠠᠴᠠ ᠡᠬᠢᠯᠡᠨ 2 ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃     ᠨᠢᠭᠡ᠂ ᠪᠦᠷᠢᠯᠳᠦᠬᠦᠨ᠄        ᠳᠤᠭᠤᠶᠢᠯᠠᠩ ᠤᠨ ᠳᠠᠷᠤᠭ᠎ᠠ᠄ ᠳ᠋ᠦᠩ ᠰᠢᠤᠸᠠᠢ ᠴᠢᠩ          ᠬᠤᠰᠢᠭᠤᠨ ᠤ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ        ᠳᠡᠳ᠋ ᠳᠤᠭᠤᠶᠢᠯᠠᠩ ᠤᠨ ᠳᠠᠷᠤᠭ᠎ᠠ᠄  ᠸᠠᠩ ᠵᠧᠩ ᠲᠦᠩ      ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ        ᠵᠠᠩ ᠴᠤᠤ ᠬᠤᠢ      ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠲᠣᠪᠴᠢᠶ᠎ᠡ ᠶᠢᠨ ᠲᠣᠪᠴᠢᠶᠠᠨ ᠳᠠᠷᠤᠭ᠎ᠠ        ᠭᠡᠰᠢᠭᠦᠨ᠄ ᠵᠠᠩ ᠬᠠᠶ ᠺᠤᠸᠠᠨ     ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ                 ᠬᠥᠩ ᠰᠢᠶᠤᠤ ᠹᠸᠢ    ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ                 ᠼᠦᠢ ᠮᠧᠩ          ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠩᠭᠢ ᠶᠢᠨ ᠳᠠᠷᠤᠭ᠎ᠠ                 ᠪᠠᠶᠠᠨᠪᠢᠯᠢᠭ᠌          ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ  ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ        ᠬᠤᠶᠠᠷ᠂ ᠬᠤᠯᠪᠣᠭᠳᠠᠯ ᠪᠦᠬᠦᠢ ᠵᠦᠢᠯᠡᠰ      ︵ᠨᠢᠭᠡ︶᠂ ᠠᠵᠢᠯ ᠤᠨ ᠲᠤᠰᠬᠠᠶ ᠠᠩᠭᠢ ᠶᠢᠨ ᠭᠤᠤᠯ ᠡᠭᠦᠷᠭᠡ ᠬᠠᠷᠢᠭᠤᠴᠠᠯᠭ᠎ᠠ᠄ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠦᠬᠦ ᠬᠤᠰᠢᠭᠤᠨ ᠤ ᠡᠯ᠎ᠡ ᠪᠠᠷᠢᠯᠭ᠎ᠠ ᠶᠢᠨ ᠢᠨᠵᠧᠨᠧᠷᠢᠩ ᠤᠨ ᠪᠠᠶᠢᠭᠤᠯᠵᠤ ᠪᠠᠶᠢᠭ᠎ᠠ ᠲᠥᠷᠥᠯ ᠵᠦᠢᠯ᠂ ᠰᠢᠲᠠᠮᠠᠬᠠᠶ ᠬᠡᠢ ︵ᠪᠠᠶᠢᠭᠠᠯᠢ ᠶᠢᠨ ᠰᠢᠲᠠᠮᠠᠬᠠᠶ ᠬᠡᠢ ᠶᠢᠨ ᠬᠡᠢ ᠨᠡᠮᠡᠬᠦ ᠦᠷᠲᠡᠭᠡ ᠵᠡᠷᠭᠡ ᠪᠠᠭᠲᠠᠨ᠎ᠠ︶᠃ ᠴᠠᠬᠢᠯᠭᠠᠨ ᠴᠡᠨᠡᠭᠯᠡᠬᠦ ᠪᠠᠭᠠᠨ᠎ᠠ᠂ ᠬᠠᠭᠤᠴᠢᠨ ᠰᠠᠭᠤᠭᠠᠯᠢ ᠲᠣᠭᠤᠷᠢᠭ ᠤᠨ ᠣᠷᠣᠨ ᠰᠠᠭᠤᠴᠠ᠂ ᠰᠠᠭᠤᠭᠠᠯᠢ ᠲᠣᠭᠤᠷᠢᠭ ᠤᠨ ᠳᠣᠲᠣᠷ᠎ᠠ᠂ ᠠᠰᠠᠷ ᠤᠨ ᠬᠤᠩᠭᠢᠯ ᠤᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠣᠯᠠᠨ ᠲᠦᠮᠡᠨ ᠤ ᠰᠠᠶᠢᠨ ᠰᠠᠶᠢᠬᠠᠨ ᠠᠮᠤᠷ ᠠᠮᠤᠭᠤᠯᠠᠩ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠳᠣᠯᠠᠨ᠎ᠠ᠃      ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ ᠪᠠᠷᠢᠯᠭ᠎ᠠ ᠶᠢᠨ ᠢᠨᠵᠧᠨᠧᠷᠢᠩ ᠤᠨ ᠪᠠᠶᠢᠭᠤᠯᠵᠤ ᠪᠠᠶᠢᠭ᠎ᠠ ᠲᠥᠷᠥᠯ ᠵᠦᠢᠯ᠂ ᠰᠢᠲᠠᠮᠠᠬᠠᠶ ᠬᠡᠶ ︵ᠪᠠᠶᠢᠭᠠᠯᠢ ᠶᠢᠨ ᠰᠢᠲᠠᠮᠠᠬᠠᠶ ᠬᠡᠶ ᠶᠢᠨ ᠬᠡᠶ ᠨᠡᠮᠡᠬᠦ ᠥᠷᠲᠡᠭᠡ ᠪᠠᠭᠲᠠᠨ᠎ᠠ︶᠂ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠶᠢᠴᠠᠭᠠᠨ ᠵᠢᠭᠰᠠᠭᠠᠬᠤ ᠡᠬᠡ ᠲᠠᠩᠰᠠ ᠪᠠᠶᠢᠭᠤᠯᠤᠨ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠵᠠᠰᠠᠬᠤ ᠬᠡᠷᠡᠭᠲᠡᠶ᠃      ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠡᠯ᠎ᠡ ᠬᠠᠭᠤᠴᠢᠨ ᠰᠠᠭᠤᠭᠠᠯᠢ ᠲᠣᠭᠤᠷᠢᠭ ᠤᠨ ᠬᠡᠷ ᠪᠠᠶᠢᠰᠢᠩ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠵᠢᠭᠰᠠᠭᠠᠵᠤ᠂ ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠤᠨ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠶ ᠳᠤᠨᠢ ᠴᠡᠭᠴᠡᠯᠡᠨ ᠵᠠᠰᠠᠬᠤ ᠬᠡᠷᠡᠭᠲᠡᠶ᠃      ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠰᠠᠭᠤᠭᠠᠯᠢ ᠲᠣᠭᠤᠷᠢᠭ ᠤᠨ ᠳᠣᠲᠣᠷ᠎ᠠ ᠡᠯᠳᠡᠪ ᠪᠣᠳᠠᠰ ᠣᠪᠣᠭᠠᠯᠠᠬᠤ᠂ ᠠᠰᠠᠷ ᠤᠨ ᠬᠤᠩᠭᠢᠯ ᠳᠤ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠬᠤ᠂ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠲᠠᠯ᠎ᠠ ᠪᠠᠷ ᠪᠠᠶᠢᠴᠠᠭᠠᠨ ᠵᠢᠭᠰᠠᠭᠠᠵᠤ᠂ ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠤᠨ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠵᠠᠰᠠᠬᠤ ᠬᠡᠷᠡᠭᠲᠡᠶ᠃      ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠡᠯ᠎ᠡ ᠰᠠᠯᠠᠭ᠎ᠠ ᠮᠥᠴᠢᠷ ᠲᠠᠢ ᠦᠨᠡᠨ ᠬᠦ ᠬᠠᠮᠵᠢᠯᠴᠠᠨ ᠪᠠᠶᠢᠳᠠᠯ ᠢ ᠣᠶᠢᠯᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠬᠦ ᠬᠡᠷᠡᠭᠲᠡᠶ᠃      ︵ᠬᠤᠶᠠᠷ︶ ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠳᠣᠭᠢᠷᠠᠭᠤᠯᠵᠤ᠂ ᠠᠵᠢᠯ ᠤᠨ ᠲᠤᠰᠬᠠᠶ ᠠᠩᠭᠢ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠴᠣᠤ ᠬᠤᠶ ᠨᠥᠬᠦᠷ ᠬᠠᠪᠰᠤᠷᠭᠠᠨ ᠡᠭᠦᠷᠭᠡᠯᠡᠵᠦ᠂ ᠪᠦᠷᠢᠯᠳᠦᠬᠦᠨ ᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠲᠤᠬᠠᠶᠢᠯᠠᠭᠰᠠᠨ ᠠᠵᠢᠯ ᠤᠨ ᠲᠠᠰᠤᠭ ᠤᠨ ᠭᠤᠤᠯ ᠬᠠᠷᠢᠭᠤᠴᠠᠯᠭᠠᠲᠠᠨ ᠡᠭᠦᠷᠭᠡᠯᠡᠨ᠎ᠡ᠃      ᠭᠤᠷᠪᠠ᠂ ᠠᠵᠢᠯ ᠤᠨ ᠱᠠᠭᠠᠷᠳᠠᠯᠭ᠎ᠠ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠢ ᠬᠠᠮᠢᠶᠠᠷᠬᠤ ᠪᠣᠯ ᠳᠠᠷᠤᠢ ᠠᠮᠤᠷ ᠲᠦᠪᠰᠢᠨ ᠢ ᠬᠠᠮᠢᠶᠠᠷᠬᠤ᠂ ᠠᠮᠤᠷ ᠲᠦᠪᠰᠢᠨ ᠢ ᠬᠠᠮᠢᠶᠠᠷᠬᠤ ᠪᠣᠯ ᠳᠠᠷᠤᠢ ᠲᠣᠭᠲᠠᠭᠤᠨ ᠢ ᠬᠠᠮᠢᠶᠠᠷᠬᠤ ᠱᠠᠭᠠᠷᠳᠠᠯᠭ᠎ᠠ ᠪᠣᠯᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠭᠤᠣᠯᠳᠠᠯᠭ᠎ᠠ ᠲᠠᠢ ᠪᠣᠭᠤᠮᠲᠠ ᠰᠢᠪᠲᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠬᠦᠴᠦᠯᠡᠨ ᠴᠢᠩᠭᠠᠳᠬᠠᠵᠤ᠂ ᠠᠮᠤᠷ ᠲᠦᠪᠰᠢᠨ ᠢ ᠬᠠᠮᠲᠤᠪᠠᠷ ᠵᠠᠰᠠᠬᠤ ᠲᠡᠭᠦᠯᠳᠡᠷᠵᠢᠭᠰᠡᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃                   2024 ᠣᠨ ᠤ 1 ᠰᠠᠷ᠎ᠠ ᠶᠢᠨ 30 ᠤ ᠡᠳᠦᠷ                         ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ        ᠣᠷᠴᠢᠭᠤᠯᠣᠨᠨᠴᠢ᠄  ᠭᠧ ᠲᠣᠸᠠᠨ ᠯᠢᠶᠡᠨ    
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号