ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/19
        ᠡᠯ᠎ᠡ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠ᠂ ᠮᠠᠨ ᠤ ᠬᠤᠰᠢᠭᠤ ᠨᠢᠭᠡ ᠪᠦᠯᠦᠭ ᠡᠷᠲᠡᠨ ᠤ ᠪᠠᠭᠤᠷᠢ᠂ ᠡᠷᠲᠡᠨ ᠤ ᠣᠩᠭᠤᠨ᠂ ᠡᠷᠲᠡᠨ ᠤ ᠪᠠᠷᠢᠯᠭ᠎ᠠ᠂ ᠴᠢᠯᠠᠭᠤᠨ ᠰᠡᠶᠢᠯᠦᠮᠡᠯ ᠵᠢᠴᠢ ᠣᠶᠢᠷ᠎ᠠ ᠦᠶ᠎ᠡ ᠶᠢᠨ ᠴᠢᠬᠤᠯᠠ ᠲᠡᠤᠬᠡᠨ ᠤᠯᠠ ᠮᠦᠷ ᠵᠢᠴᠢ ᠲᠥᠯᠥᠭᠡᠯᠡᠬᠦ ᠴᠢᠨᠠᠷᠲᠠᠶ ᠪᠠᠷᠢᠯᠭ᠎ᠠ ᠶᠢ ᠢᠯᠡᠷᠡᠭᠦᠯᠪᠡ᠃ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠥᠬᠦ ᠬᠤᠰᠢᠭᠤᠨ ᠤ ᠲᠡᠦᠬᠡ ᠰᠣᠶᠣᠯ ᠤᠨ ᠥᠪ ᠢ ᠦᠨᠡᠨ ᠬᠦ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠠᠷᠠᠭᠠᠴᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠲᠤᠯᠠᠭ᠎ᠠ ᠪᠢᠴᠢᠭ ︹2012︺ 148 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠨ ᠲᠣᠭᠲᠠᠭᠠᠬᠤ ᠪᠠᠷ ᠳᠡᠮᠵᠢᠨ᠂ ᠪᠥᠬᠦ ᠬᠤᠰᠢᠭᠤᠨ ᠤ ᠭᠤᠷᠪᠠᠳᠤᠭᠠᠷ ᠤᠳᠠᠭᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠮᠠᠭᠠᠳᠯᠠᠨ ᠲᠣᠭᠲᠠᠭᠠᠭᠰᠠᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠤᠨ ᠲᠡᠮᠳᠡᠭᠯᠡᠯ ︵ᠨᠡᠶᠢᠲᠡ 296 ᠭᠠᠵᠠᠷ︶ ᠢ ᠨᠡᠶᠢᠲᠡᠯᠡᠪᠡ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠪᠣᠯᠤᠨ ︽ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ 〔2005〕42 ᠳ᠋ᠤᠭᠠᠷ ᠲᠣᠭᠠᠲᠤ︶ ᠤᠨ ᠲᠣᠭᠲᠠᠭᠠᠯ ᠢ ᠴᠢᠩᠭ᠎ᠠ ᠵᠢᠷᠤᠮᠯᠠᠨ᠂ ︽ᠬᠠᠮᠠᠭᠠᠯᠠᠬᠤ ᠪᠠᠷ ᠭᠤᠤᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠶ ᠠᠰᠢᠭᠯᠠᠬᠤ᠂ ᠬᠠᠮᠢᠶᠠᠷᠤᠯᠲᠠ ᠪᠠᠨ ᠴᠢᠩᠭᠠᠳᠬᠠᠬᠤ︾ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠦᠨᠳᠦᠰᠦᠨ ᠴᠢᠭᠯᠡᠯᠲᠡ ᠶᠢ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠷᠢᠶ᠎ᠠ ᠣᠷᠣᠨ ᠤ ᠪᠠᠨ ᠳᠣᠲᠣᠷᠠᠬᠢ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ ᠪᠣᠯᠤᠨ ᠬᠠᠮᠠᠭᠠᠯᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃      ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃               ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ                         2024 ᠣᠨ ᠤ 2 ᠰᠠᠷ᠎ᠠ ᠶᠢᠨ 28 ᠤ ᠡᠳᠦᠷ           ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ           ᠣᠷᠴᠢᠭᠤᠯᠣᠨᠨᠴᠢ᠄  ᠭᠧ ᠲᠣᠸᠠᠨ ᠯᠢᠶᠡᠨ          
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号