ᠵᠡᠭᠡᠷᠡᠲᠦ ᠬᠤᠲᠠ ᠪᠠᠯᠭᠠᠰᠤ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠬᠤᠷᠢᠶᠠᠵᠦ ᠴᠣᠨᠨᠯᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/20
         ᠵᠡᠭᠡᠷᠡᠲᠦ ᠬᠤᠲᠠ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠣᠳᠠᠭᠠᠨ ᠤ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠲᠠᠰᠢᠷᠡᠮ ᠢᠶᠠᠷ᠂ ᠠᠷᠠᠳ ᠤᠨ ᠲᠥᠯᠥᠭᠡᠯᠡᠭᠴᠢᠳ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ ᠲᠥᠯᠥᠭᠡ ᠣᠷᠣᠯᠠᠨ ᠥᠭᠦᠯᠡᠬᠦ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠥᠯᠥᠭᠡ ᠲᠥᠯᠥᠭᠡᠯᠡᠭᠴᠢᠳ ᠶᠠᠷᠢᠯᠴᠠᠬᠤ ᠬᠤᠷᠠᠯ ᠬᠤᠷᠠᠯᠳᠤᠭᠤᠯᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ᠂ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠤᠬᠠᠶ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠪᠠ᠃

     3 ᠰᠠᠷ᠎ᠠ ᠶᠢᠨ 12 ᠤᠨ ᠡᠳᠦᠷ᠂ ᠵᠡᠭᠡᠷᠡᠲᠦ ᠬᠤᠲᠠ ᠪᠠᠯᠭᠠᠰᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠴᠤᠭᠯᠠᠭᠤᠯᠬᠤ ᠵᠢᠴᠢ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃

ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠧᠩ ᠴᠧᠩ ᠬᠤᠷᠠᠯ ᠢ

ᠡᠷᠭᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠣᠰᠬᠤᠨ ᠤ ᠠᠷᠠᠳ

ᠬᠤᠷᠠᠯ ᠳᠤ ᠣᠷᠣᠯᠴᠠᠵᠠᠶ᠃

    ᠴᠤᠭᠯᠠᠭᠤᠯᠤᠭᠰᠠᠨ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢᠨ ᠲᠣᠭᠤᠷᠢᠨ ᠳᠤ᠂ ᠪᠠᠯᠭᠠᠰᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠵᠤ ᠵᠠᠳᠠᠯᠤᠨ

ᠡᠮᠬᠢᠯᠡᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤᠬᠠᠢ ᠶᠢᠨ ᠲᠠᠯᠠᠪᠠᠢ ᠳᠤ ᠭᠦᠢᠴᠡᠳ ᠶᠠᠷᠢᠯᠴᠠᠬᠤ ᠪᠠᠷ

ᠳᠠᠮᠵᠢᠭᠤᠯᠵᠤ᠂ ᠵᠠᠷᠢᠮ ᠲᠥᠯᠥᠭᠡᠯᠡᠬᠦ ᠴᠢᠨᠠᠷᠲᠠᠢ᠂ ᠥᠷᠭᠡᠨ ᠳᠡᠯᠭᠡᠷ ᠴᠢᠨᠠᠷᠲᠠᠢ᠂ ᠬᠠᠨᠳᠤᠯᠭᠠᠲᠤ ᠴᠢᠨᠠᠷᠲᠠᠢ ᠰᠠᠨᠠᠯ

ᠰᠠᠨᠠᠭᠤᠯᠭ᠎ᠠ ᠶᠢ ᠠᠩᠬ᠎ᠠ ᠠᠯᠬᠤᠮ ᠰᠢᠯᠢᠨ ᠰᠣᠩᠭᠤᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢᠨ ᠪᠡᠯᠡᠳᠬᠡᠯ ᠠᠵᠢᠯ ᠢ ᠤᠯᠠᠮ ᠨᠢᠭᠡ ᠠᠯᠬᠤᠮ ᠰᠠᠶᠢᠲᠤᠷ

ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

     ᠳᠠᠷᠠᠭᠠᠴᠢ ᠶᠢᠨ ᠠᠯᠬᠤᠮ ᠳᠤ᠂ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠡᠷ ᠲᠤ ᠲᠦᠰᠢᠭᠯᠡᠨ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠣᠯ ᠢ ᠢᠳᠡᠪᠬᠢᠲᠡᠶ ᠪᠠᠳᠠᠷᠠᠭᠤᠯᠵᠤ᠂

ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ

ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠰᠠᠨᠠᠯ ᠢ ᠰᠣᠨᠣᠰᠴᠤ᠂

ᠠᠷᠠᠳ ᠤᠨ ᠰᠠᠨᠠᠭ᠎ᠠ ᠶᠢ ᠨᠢᠭᠲᠠᠷᠠᠭᠤᠯᠵᠤ᠂ ᠣᠯᠠᠨ ᠲᠦᠮᠡᠨ ᠲᠠᠢ ᠬᠠᠷᠢᠯᠴᠠᠬᠤ ︽ᠰᠡᠳᠬᠢᠯ ᠤᠨ ᠬᠥᠭᠦᠷᠭᠡ︾ ᠶᠢ

ᠪᠤᠰᠬᠠᠵᠤ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠳ ᠤᠨ

ᠲᠥᠯᠥᠭᠡᠯᠡᠭᠴᠢ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃

   

             

               ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

               ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号