ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠥᠯᠥᠭᠡᠯᠡᠭᠴᠢᠳ ᠤᠨ ᠬᠠᠤᠯᠢ ᠳᠤ ᠵᠠᠰᠠᠪᠤᠷᠢ ᠣᠷᠣᠭᠤᠯᠵᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 13 ᠤ ᠡᠳᠦᠷ᠂ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠥᠯᠥᠭᠡᠯᠡᠭᠴᠢᠳ ᠤᠨ ᠬᠠᠤᠯᠢ ᠳᠤ ᠵᠠᠰᠠᠪᠤᠷᠢ ᠣᠷᠣᠭᠤᠯᠬᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠯᠥᠭᠡᠯᠡᠭᠴᠢᠳ ᠤᠨ ᠬᠠᠤᠯᠢ ᠳᠤ ᠵᠠᠰᠠᠪᠤᠷᠢ ᠣᠷᠣᠭᠤᠯᠬᠤ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠬᠤᠷᠢᠶᠠᠪᠠ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠧᠩ ᠴᠧᠩ ᠬᠤᠷᠠᠯ ᠡᠷᠭᠢᠯᠡᠪᠡ᠃

      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ

ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢ

ᠬᠠᠮᠲᠤ ᠪᠠᠷ ᠰᠤᠷᠤᠯᠴᠠᠵᠤ᠂ ᠴᠧᠩ ᠴᠧᠩ ᠰᠢᠶᠠᠨ ᠤ ᠠᠷᠠᠳ ᠤᠨ ᠲᠥᠯᠥᠭᠡᠯᠡᠭᠴᠢ ᠳᠤ ᠦᠨᠳᠦᠰᠦᠨ ᠬᠠᠤᠯᠢ ᠪᠣᠯᠤᠨ

ᠬᠠᠤᠯᠢ ᠴᠠᠭᠠᠵᠠ ᠠᠴᠠ ᠠᠷᠠᠳ ᠤᠨ ᠲᠥᠯᠥᠭᠡᠯᠡᠭᠴᠢ ᠳᠤ ᠣᠯᠭᠤᠭᠰᠠᠨ ᠡᠷᠬᠡ ᠵᠢᠴᠢ ᠠᠷᠠᠳ ᠤᠨ

ᠲᠥᠯᠥᠭᠡᠯᠡᠭᠴᠢᠳ ᠤᠨ ᠬᠠᠤᠯᠢ ᠶᠣᠰᠣᠭᠠᠷ ᠭᠦᠢᠴᠡᠳᠬᠡᠬᠦ ᠶᠣᠰᠣᠲᠠᠢ ᠡᠭᠦᠷᠭᠡ ᠬᠠᠷᠢᠭᠤᠴᠠᠯᠭ᠎ᠠ ᠶᠢ ᠨᠠᠷᠢᠨ

ᠲᠠᠶᠢᠯᠪᠤᠷᠢᠯᠠᠪᠠ᠃ ᠠᠷᠠᠳ ᠤᠨ ᠲᠥᠯᠥᠭᠡᠯᠡᠭᠴᠢᠳ ᠤᠨ ᠰᠢᠨ᠎ᠡ ᠴᠠᠭ ᠦᠶ᠎ᠡ ᠳᠤ ᠬᠠᠤᠯᠢ ᠪᠠᠷ ᠲᠣᠭᠲᠠᠭᠠᠭᠰᠠᠨ

ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢᠨ ᠬᠠᠮᠲᠤ ᠪᠠᠰᠠ ᠤᠨᠤᠯ ᠤᠨ ᠰᠤᠷᠤᠯᠴᠠᠯᠭ᠎ᠠ ᠪᠠᠨ

ᠴᠢᠩᠭᠠᠳᠬᠠᠵᠤ᠂ ᠲᠤᠰ ᠪᠡᠶ᠎ᠡ ᠶᠢᠨ ᠬᠡᠪ ᠴᠢᠨᠠᠷ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ

ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

     ᠲᠥᠯᠥᠭᠡᠯᠡᠭᠴᠢᠳ ᠰᠠᠨᠠᠯ ᠬᠤᠷᠢᠶᠠᠬᠤ ᠲᠣᠪᠴᠢ ᠲᠠᠢ ᠬᠠᠷᠢᠴᠠᠭᠤᠯᠵᠤ᠂ ᠲᠥᠯᠥᠭᠡᠯᠡᠭᠴᠢᠳ ᠤᠨ ᠬᠠᠤᠯᠢ ᠶᠢᠨ

ᠠᠭᠤᠯᠭ᠎ᠠ ᠶᠢᠨ ᠲᠣᠭᠤᠷᠢᠨ ᠳᠤ᠂ ᠬᠤᠯᠪᠣᠭᠳᠠᠯ ᠪᠦᠬᠦᠢ ᠴᠢᠭᠯᠡᠯᠲᠡ ᠲᠦᠷᠦ ᠶᠢᠨ ᠪᠤᠳᠤᠯᠭ᠎ᠠ ᠵᠢᠴᠢ ᠲᠤᠰ ᠪᠡᠶ᠎ᠡ ᠶᠢᠨ

ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠮᠢᠶ᠎ᠠ ᠪᠦᠬᠦᠢ ᠠᠭᠤᠯᠭ᠎ᠠ ᠶᠢ ᠨᠠᠷᠢᠨ ᠬᠢᠨᠠᠮᠠᠭᠠᠢ

ᠶᠠᠷᠢᠯᠴᠠᠵᠤ᠂ ᠥᠪᠡᠷ ᠥᠪᠡᠷ ᠤᠨ ᠰᠠᠨᠠᠯ ᠢᠶᠠᠨ ᠶᠠᠷᠢᠪᠠ᠃ ᠲᠥᠯᠥᠭᠡᠯᠡᠭᠴᠢᠳ ᠣᠶᠢᠷ᠎ᠠ ᠶᠢᠨ ᠵᠢᠯ ᠤᠨ ᠲᠤᠷᠰᠢᠬᠢ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ ᠪᠦᠯᠢ ᠶᠢᠨ ᠪᠠᠶᠢᠭᠤᠯᠤᠯᠲᠠ ᠶᠢ

ᠨᠤᠲᠠᠯᠠᠵᠤ᠂ ᠲᠥᠯᠥᠭᠡᠯᠡᠭᠴᠢᠳ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠨᠡᠶᠢᠭᠡᠮ ᠤᠨ

ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠴᠢᠬᠤᠯᠠ ᠠᠷᠭ᠎ᠠ ᠵᠠᠮ᠂ ᠣᠯᠠᠨ ᠲᠦᠮᠡᠨ ᠲᠠᠢ

ᠬᠠᠷᠢᠯᠴᠠᠬᠤ ᠦᠢᠯᠡᠳᠦᠯ ᠢ ᠮᠠᠰᠢ ᠰᠠᠶᠢᠨ ᠪᠠᠳᠠᠷᠠᠭᠤᠯᠤᠭᠰᠠᠨ ᠪᠠᠶᠢᠨ᠎ᠠ ᠭᠡᠵᠦ ᠦᠵᠡᠪᠡ᠃ ᠲᠥᠯᠥᠭᠡᠯᠡᠭᠴᠢᠳ

ᠳᠤᠷᠠᠳᠤᠭᠰᠠᠨ ᠨᠢ᠂ ᠠᠷᠠᠳ ᠤᠨ ᠲᠥᠯᠥᠭᠡᠯᠡᠭᠴᠢᠳ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂

ᠬᠠᠷᠢᠭᠤᠴᠠᠯᠭ᠎ᠠ ᠶᠢᠨ ᠤᠬᠠᠮᠰᠠᠷ ᠪᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ

ᠴᠢᠳᠠᠪᠤᠷᠢ ᠪᠠᠨ ᠴᠢᠩᠭᠠᠳᠬᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢᠶᠠᠷ ᠲᠠᠪᠴᠠᠩ ᠪᠣᠯᠭᠠᠵᠤ᠂

ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ᠂ ᠲᠥᠪᠯᠡᠷᠡᠭᠦᠯᠦᠨ ᠪᠠᠶᠢᠴᠠᠭᠠᠨ ᠦᠵᠡᠬᠦ᠂ ᠶᠠᠷᠢᠯᠴᠠᠬᠤ ᠵᠡᠷᠭᠡ

ᠠᠵᠢᠯᠯᠠᠭ᠎ᠠ ᠪᠠᠷ ᠳᠠᠮᠵᠢᠭᠤᠯᠤᠨ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ

ᠠᠰᠠᠭᠤᠳᠠᠯ ᠤᠨ ᠲᠣᠭᠤᠷᠢᠨ ᠳᠤ᠂ ᠠᠷᠠᠳ ᠤᠨ ᠲᠥᠯᠥᠭᠡᠯᠡᠭᠴᠢᠳ ᠢ ︽ᠭᠡᠷ︾ ᠲᠤ ᠣᠷᠣᠭᠤᠯᠤᠨ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠵᠦ᠂ ᠰᠣᠩᠭᠤᠭᠤᠯᠢ ᠶᠢᠨ ᠠᠷᠠᠳ ᠲᠦᠮᠡᠨ ᠢ ᠬᠦᠯᠢᠶᠡᠨ ᠠᠪᠬᠤ ᠶᠠᠪᠤᠴᠠ ᠳᠤ᠂

ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠣᠨᠣᠰᠴᠤ᠂ ᠤᠯᠠᠨ ᠲᠦᠮᠡᠨ ᠤ ᠬᠦᠰᠡᠯ

ᠱᠠᠭᠠᠷᠳᠠᠯᠭ᠎ᠠ ᠶᠢ ᠪᠤᠰᠤᠳᠴᠢ ᠪᠠᠷ ᠲᠤᠰᠬᠠᠵᠤ᠂ ᠠᠷᠠᠳ ᠤᠨ ᠰᠠᠨᠠᠭ᠎ᠠ ᠶᠢ ᠨᠢᠭᠤᠷᠳᠠᠨ ᠲᠤᠰᠬᠠᠵᠤ᠂ ᠠᠷᠠᠳ

ᠤᠯᠠᠨ ᠳᠤ ᠦᠨᠡᠨ ᠬᠦ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ︽ᠬᠤᠶᠠᠷ ᠢ ᠬᠤᠯᠪᠣᠭᠠᠯᠠᠵᠤ ᠬᠤᠶᠠᠷ ᠢ

ᠳᠠᠶᠢᠴᠢᠯᠠᠬᠤ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠡᠢ᠃

       ᠵᠣᠬᠢᠶ᠋ᠬᠠᠴᠢ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ

       ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号