ᠲᠣᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/3/21
                                    ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ ᠦᠨᠳᠦᠰᠦᠯᠡᠨ᠂ ᠬᠤᠰᠢᠭᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂  ᠬᠤᠰᠢᠭᠤ ᠨᠠᠮ ᠤᠨ ᠬᠤᠷᠢᠶᠠᠨ ᠤ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ 2024 ᠣᠨ ᠤ 3 ᠰᠠᠷ᠎ᠠ ᠶᠢᠨ 11 ᠤ ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ ᠬᠦᠷᠢᠶ᠎ᠡ ᠰᠤᠮᠤ ᠶᠢᠨ ᠬᠠᠷᠢᠶ᠎ᠠ ᠨᠢᠭᠡᠳᠦᠭᠡᠷ ᠭᠠᠴᠠᠭ᠎ᠠ᠂ ᠬᠤᠶᠠᠳᠤᠭᠠᠷ ᠭᠠᠴᠠᠭ᠎ᠠ᠂ ᠳᠥᠷᠪᠡᠳᠦᠭᠡᠷ ᠭᠠᠴᠠᠭ᠎ᠠ ᠵᠡᠷᠭᠡ 3 ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠬᠦᠷᠢᠶ᠎ᠡ ᠰᠤᠮᠤ ᠶᠢᠨ ᠬᠠᠷᠢᠶ᠎ᠠ 3 ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠳᠡᠭᠡᠷ᠎ᠡ ᠡᠭᠡᠯᠵᠢ ᠶᠢᠨ ᠲᠣᠭᠤᠷᠢᠨ ᠪᠠᠶᠢᠴᠠᠭᠠᠯᠲᠠ᠂ ᠬᠢᠨᠠᠨ ᠪᠤᠳᠤᠯᠳᠠ ᠶᠢᠨ ᠬᠢᠨᠠᠯᠲᠠ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ ᠪᠠᠶᠢᠴᠠᠭᠠᠬᠤ ᠪᠣᠯᠤᠨ᠎ᠠ᠃ ᠭᠤᠤᠯᠳᠠᠭᠤ ᠭᠠᠴᠠᠭᠠᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠪᠠ ᠴᠢᠬᠤᠯᠠ ᠠᠵᠢᠯ ᠤᠨ ᠪᠠᠶᠢᠷᠢ ᠶᠢᠨ ᠺᠠᠳ᠋ᠷ ᠤᠨ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠤᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ ᠵᠢᠵᠢᠭᠦᠷᠯᠡᠬᠦ ᠤᠲᠠᠰᠤ ᠲᠣᠬᠢᠷᠠᠭᠤᠯᠪᠠ᠄ 18647492079 ︵ᠭᠥᠯᠢᠶᠡᠨ ᠠᠪᠬᠤ ᠴᠠᠭ᠄ 3 ᠳ᠋ᠤᠭᠠᠷ ᠰᠠᠷ᠎ᠠ ᠶᠢᠨ 11 ᠤ ᠡᠳᠦᠷ ᠠᠴᠠ 5 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠥᠷᠯᠥᠭᠡ ᠶᠢᠨ 9 ᠴᠠᠭ ᠠᠴᠠ ᠣᠷᠣᠶ ᠶᠢᠨ 18 ᠴᠠᠭ ᠬᠦᠷᠲᠡᠯ᠎ᠡ︶᠃ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠬᠦᠷᠢᠶ᠎ᠡ ᠰᠤᠮᠤ ᠶᠢᠨ ᠵᠠᠰᠠᠭ ᠤᠨ ᠣᠷᠳᠣᠨ ᠤ ᠲᠣᠮᠣ ᠠᠰᠠᠷ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ ᠪᠤᠶᠤ ᠬᠠᠷᠢᠶ᠎ᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ᠃ ᠢᠯᠡᠴᠢᠯᠡᠨ ᠮᠡᠳᠡᠬᠦᠯᠬᠦ ᠢᠮᠧᠯ᠄ 274772241@qq. com᠃ ᠬᠠᠷᠢᠯᠴᠠᠬᠤ ᠵᠠᠬᠢᠳᠠᠯ ᠤᠨ ᠬᠠᠶᠢᠷᠴᠠᠭ ᠪᠠᠶᠢᠷᠢᠯᠠᠭᠤᠯᠣᠨᠨᠰᠠᠨ ᠭᠠᠵᠠᠷ᠄ ᠬᠦᠷᠢᠶ᠎ᠡ ᠰᠤᠮᠤ ᠶᠢᠨ ᠵᠠᠰᠠᠭ ᠤᠨ ᠣᠷᠳᠣᠨ ᠤ ᠠᠯᠪᠠᠨ ᠠᠰᠠᠷ ᠤᠨ ᠡᠭᠦᠳᠡᠨ ᠳᠤ᠂ ᠬᠠᠷᠢᠶᠠᠯᠠᠬᠤ ᠭᠠᠴᠠᠭ᠎ᠠ ᠲᠣᠰᠬᠤᠨ ᠤ ᠵᠥᠪᠯᠡᠯ ᠤᠨ ᠡᠭᠦᠳᠡᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠯᠪᠠᠨ ᠠᠰᠠᠷ ᠤᠨ ᠡᠭᠦᠳᠡᠨ ᠳᠤ᠃       ᠥᠷᠭᠡᠨ ᠤᠯᠠᠨ ᠺᠠᠳ᠋ᠷ ᠤᠯᠠᠨ ᠲᠦᠮᠡᠨ ᠤ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ  ᠪᠠᠷ  ᠢᠷᠡᠬᠦ᠂ ᠬᠤᠶᠠᠷ ᠬᠡᠮᠵᠢᠯᠳᠦ ᠺᠣᠳ᠋ ᠢ ᠰᠢᠷᠪᠢᠬᠦ ᠵᠡᠷᠭᠡ ᠠᠷᠭ᠎ᠠ ᠮᠠᠶ᠋ᠢᠭ ᠢᠶᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠢ ᠪᠠᠷᠢᠮᠲᠠᠯᠠᠨ ᠪᠠᠶᠢᠳᠠᠯ ᠢᠶᠠᠨ ᠲᠤᠰᠬᠠᠬᠤ ᠶᠢ ᠪᠠᠶᠠᠷᠯᠠᠨ ᠣᠨᠨᠳᠣᠶ᠎ᠠ᠃                     ᠬᠤᠰᠢᠭᠤ ᠨᠠᠮ ᠤᠨ ᠬᠤᠷᠢᠶᠠᠨ ᠤ ᠲᠠᠪᠤᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ                              2024 ᠣᠨ ᠤ 3 ᠰᠠᠷ᠎ᠠ ᠶᠢᠨ 11 ᠤ ᠡᠳᠦᠷ                     ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ                    ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号