| ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 3 | ᠰᠠᠷ᠎ᠠ ᠶᠢᠨ 18 ᠤ ᠡᠳᠦᠷ᠂ ᠵᠡᠭᠡᠷᠡᠲᠦ ᠬᠤᠲᠠ ᠪᠠᠯᠭᠠᠰᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠵᠡᠭᠡᠷᠡᠲᠦ ᠬᠤᠲᠠ ᠪᠠᠯᠭᠠᠰᠤᠨ ᠤ | ᠨᠠᠮ ᠤᠨ ᠬᠤᠷᠢᠶᠠᠨ ᠤ ᠠᠵᠢᠯ ᠢ ᠴᠠᠭᠳᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ | ᠬᠤᠸᠠᠩ ᠸᠧᠶ ᠨᠥᠬᠦᠷ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠴᠠᠭᠳᠠᠨ ᠪᠠᠶᠢᠴᠠᠭᠠᠬᠤ ᠡᠭᠦᠷᠭᠡ ᠪᠠ ᠠᠵᠢᠯ ᠤᠨ ᠲᠣᠬᠢᠷᠠᠭᠤᠯᠤᠯᠲᠠ ᠶᠢ ᠵᠠᠷᠯᠠᠨ | ᠮᠡᠳᠡᠭᠳᠡᠭᠰᠡᠨ ᠪᠥᠭᠡᠳ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠴᠠᠭᠳᠠᠨ ᠪᠠᠶᠢᠴᠠᠭᠠᠬᠤ | ᠠᠵᠢᠯ ᠳᠤ ᠬᠠᠮᠵᠢᠯᠴᠠᠬᠤ ᠲᠤᠬᠠᠶ ᠱᠠᠭᠠᠷᠳᠠᠯᠭ᠎ᠠ ᠳᠤᠷᠠᠳᠪᠠ᠃ ᠵᠡᠭᠡᠷᠡᠲᠦ ᠬᠤᠲᠠ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠾᠧ ᠯᠢᠶᠠᠨ ᠾᠧᠦ ᠬᠤᠷᠠᠯ ᠢ ᠡᠷᠭᠢᠯᠡᠪᠡ᠃ | | | | | ᠬᠤᠸᠠᠩ ᠸᠧᠶ ᠠᠴᠠ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠰᠢᠨ᠎ᠡ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠠᠵᠢᠯ ᠢ | ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠲᠣᠭᠤᠷᠢᠨ | ᠪᠠᠶᠢᠴᠠᠭᠠᠬᠤ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠲᠣᠭᠤᠷᠢᠨ ᠪᠠᠶᠢᠴᠠᠭᠠᠬᠤ | ᠱᠠᠭᠠᠷᠳᠠᠯᠭ᠎ᠠ ᠶᠢ ᠪᠣᠳᠠᠲᠠᠶ ᠳᠤ ᠡᠷᠡᠰ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠲᠥᠷᠥ ᠶᠢᠨ ᠡᠭᠦᠷᠭᠡᠯᠡᠯ ᠢᠶᠠᠨ | ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶ᠎ᠠ ᠠᠴᠠ ᠣᠯᠭᠤᠭᠰᠠᠨ ᠲᠣᠭᠤᠷᠢᠨ ᠪᠠᠶᠢᠴᠠᠭᠠᠬᠤ ᠡᠭᠦᠷᠭᠡ ᠶᠢ | ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠵᠢᠭᠠᠵᠦ ᠭᠠᠷᠭᠠᠪᠠ᠃ | ᠾᠧ ᠯᠢᠶᠠᠨ ᠾᠧᠦ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠪᠥᠬᠦ ᠪᠠᠯᠭᠠᠰᠤᠨ ᠤ ᠳᠡᠭᠡᠳᠦ | ᠳᠣᠤᠷᠠᠳᠤ ᠱᠠᠲᠤᠨ ᠤ ᠬᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠢᠳᠡᠪᠬᠢᠲᠡᠶ | ᠳᠡᠮᠵᠢᠨ ᠬᠠᠮᠵᠢᠯᠴᠠᠵᠤ᠂ ᠴᠠᠭᠳᠠᠨ ᠪᠠᠶᠢᠴᠠᠭᠠᠬᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ ᠪᠠᠲᠤᠯᠠᠬᠤ | ᠬᠡᠷᠡᠭᠲᠡᠶ ᠭᠡᠵᠡᠶ᠃ ᠨᠢᠭᠡ ᠳᠤ᠂ ᠣᠪᠣᠷ ᠢᠶᠠᠨ ᠲᠥᠪ ᠪᠠᠶᠢᠯᠭᠠᠵᠦ᠂ ᠴᠠᠭᠳᠠᠨ ᠪᠠᠶᠢᠴᠠᠭᠠᠬᠤ ᠠᠵᠢᠯ ᠤᠨ ᠴᠢᠬᠤᠯᠠ | ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠬᠡᠷᠡᠭᠲᠡᠶ᠃ ᠬᠤᠶᠠᠷ ᠲᠤ᠂ ᠢᠳᠡᠪᠬᠢᠲᠡᠢ ᠬᠠᠮᠵᠢᠯᠴᠠᠵᠤ᠂ ᠲᠣᠭᠤᠷᠢᠨ | ᠪᠠᠶᠢᠴᠠᠭᠠᠬᠤ ᠠᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠬᠦ ᠬᠡᠷᠡᠭᠳᠡᠢ᠃ ᠭᠤᠷᠪᠠ ᠳᠤ᠂ | ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ ᠵᠡᠭᠡᠷᠡᠲᠦ | ᠬᠤᠲᠠ ᠪᠠᠯᠭᠠᠰᠤᠨ ᠤ ᠡᠯ᠎ᠡ ᠵᠦᠢᠯ ᠤᠨ ᠠᠵᠢᠯ ᠢ ᠥᠷᠨᠢᠭᠦᠯᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠬᠦ | ᠭᠡᠰᠢᠭᠦᠨ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠬᠦᠨ᠂ ᠪᠦᠬᠦ ᠪᠠᠯᠭᠠᠰᠤᠨ ᠤ ᠺᠠᠳ᠋ᠷ᠂ ᠡᠯ᠎ᠡ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ | ᠵᠢᠴᠢ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ | | | ᠵᠣᠬᠢᠶ᠋ᠬᠠᠴᠢ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠤᠷᠴᠢᠭᠤᠯᠣᠨ ᠨᠠᠶᠢᠷᠠᠭᠤᠯᠣᠨᠨᠴᠢ᠄ ᠪᠣᠤ ᠬᠤᠩ ᠯᠢᠶᠡᠩ | | |