| ᠨᠢᠭᠡ᠂ ᠠᠬᠤᠶ ᠪᠠᠶᠢᠳᠠᠯ ᠪᠠ ᠵᠣᠷᠢᠯᠭ᠎ᠠ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠳᠤᠮᠳᠠᠳᠤ ᠤᠯᠤᠰ ᠤᠨ ᠲᠡᠤᠬᠡ ᠰᠣᠶᠣᠯ ᠤᠨ ᠨᠠᠷᠠᠲᠤ | ᠭᠠᠵᠠᠷ ᠪᠣᠯᠤᠭᠰᠠᠨ ᠤ ᠬᠤᠪᠢ ᠳᠤ᠂ ᠡᠯᠪᠡᠭ ᠪᠠᠶᠠᠯᠢᠭ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠪᠠ | ᠭᠦᠨ ᠵᠤᠵᠠᠭᠠᠨ ᠲᠡᠤᠬᠡ ᠶᠢᠨ ᠠᠭᠤᠯᠤᠭᠳᠠᠬᠤᠨ ᠢ ᠠᠴᠢᠶᠠᠯᠠᠵᠤ ᠪᠠᠶᠢᠨ᠎ᠠ᠃ ᠡᠳᠡᠭᠡᠷ ᠳᠠᠬᠢᠨ ᠡᠭᠦᠰᠴᠦ ᠪᠣᠯᠤᠰᠢ | ᠦᠭᠡᠢ ᠰᠣᠶᠣᠯ ᠤᠨ ᠥᠪ ᠢ ᠨᠡᠩ ᠰᠠᠶᠢᠲᠤᠷ ᠬᠠᠮᠠᠭᠠᠯᠠᠨ ᠤᠯᠠᠮᠵᠢᠯᠠᠬᠤ ᠶᠢᠨ ᠲᠥᠯᠥᠭᠡ᠂ ᠬᠤᠰᠢᠭᠤᠨ ᠤ ᠨᠠᠮ ᠤᠨ | ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠣᠯᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠬᠠᠮᠲᠤ ᠪᠠᠷ | ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠪᠠ ᠮᠠᠭᠠᠳᠯᠠᠨ | ᠲᠣᠭᠲᠠᠭᠠᠬᠤ ᠠᠵᠢᠯ ᠢ ᠥᠷᠨᠢᠭᠦᠯᠪᠡ᠃ ᠲᠣᠰ ᠤᠳᠠᠭ᠎ᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠢ ᠨᠡᠶᠢᠲᠡᠯᠡᠬᠦ ᠳᠤ᠂ ᠬᠠᠮᠠᠭᠠᠯᠠᠬᠤ | ᠡᠲᠡᠭᠡᠳ ᠢ ᠲᠣᠳᠣᠷᠬᠠᠶᠢᠯᠠᠵᠤ᠂ ᠨᠡᠶᠢᠭᠡᠮ ᠨᠡᠶᠢᠲᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠵᠡᠯ | ᠤᠬᠠᠮᠰᠠᠷ ᠢ ᠴᠢᠩᠭᠠᠷᠠᠭᠤᠯᠬᠤ ᠶᠢᠨ ᠬᠠᠮᠲᠤ ᠲᠠᠷᠠᠭᠠᠴᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠵᠢᠯ ᠳᠤ ᠲᠣᠳᠣᠷᠬᠠᠶ ᠵᠢᠯᠣᠭᠤᠳᠣᠯᠭ᠎ᠠ ᠪᠠ ᠦᠨᠳᠦᠰᠦᠯᠡᠯ ᠬᠠᠩᠭᠠᠬᠤ ᠶᠢᠨ ᠲᠥᠯᠥᠭᠡ ᠶᠤᠮ᠃ | ᠬᠤᠶᠠᠷ᠂ ᠲᠥᠷᠥ ᠶᠢᠨ ᠪᠣᠳᠣᠯᠭ᠎ᠠ ᠶᠢᠨ ᠠᠭᠤᠯᠭ᠎ᠠ | 1. ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠤᠨ ᠵᠢᠭᠰᠠᠭᠠᠯᠲᠠ ᠶᠢ ᠲᠣᠭᠲᠠᠭᠠᠬᠤ᠄ ᠪᠥᠬᠦ ᠤᠯᠤᠰ ᠤᠨ | ᠭᠤᠷᠪᠠᠳᠤᠭᠠᠷ ᠤᠳᠠᠭᠠᠨ ᠤ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠴᠢᠩᠭ᠎ᠠ | ᠨᠡᠶᠢᠳᠡᠮ ᠪᠠᠶᠢᠴᠠᠭᠠᠯᠲᠠ ᠪᠠ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠨᠢᠭᠡ ᠪᠦᠯᠦᠭ ᠴᠢᠬᠤᠯᠠ | ᠲᠡᠦᠬᠡ᠂ ᠤᠷᠠᠯᠢᠭ ᠪᠠ ᠰᠢᠨᠵᠢᠯᠡᠬᠦ ᠤᠬᠠᠭᠠᠨ ᠤ ᠦᠨ᠎ᠡ ᠥᠷᠲᠡᠭ ᠲᠠᠢ ᠰᠢᠯᠵᠢᠭᠦᠯᠵᠦ ᠪᠣᠯᠤᠰᠢ ᠥᠬᠡᠶ ᠲᠡᠦᠬᠡ ᠶᠢᠨ | ᠳᠤᠷᠠᠰᠬᠠᠯᠲᠤ ᠵᠦᠢᠯᠡᠰ ᠢ ᠲᠣᠭᠲᠠᠭᠠᠭᠰᠠᠨ ᠪᠥᠭᠡᠳ ᠨᠡᠷᠡᠰ ᠤᠨ ᠵᠢᠭᠰᠠᠭᠠᠯᠲᠠ ᠶᠢ ᠨᠠᠶᠢᠷᠠᠭᠤᠯᠤᠨ ᠵᠣᠬᠢᠶᠠᠪᠠ᠃ | 2. ᠬᠠᠮᠠᠭᠠᠯᠠᠬᠤ ᠲᠠᠰ ᠤᠨ ᠬᠤᠪᠢᠶᠠᠷᠢᠯᠠᠯ᠄ ᠲᠡᠤᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠦᠨ᠎ᠡ | ᠥᠷᠲᠡᠭ᠂ ᠬᠠᠳᠠᠭᠠᠯᠠᠵᠤ ᠪᠠᠶᠢᠭ᠎ᠠ ᠪᠠᠶᠢᠳᠠᠯ ᠪᠠ ᠴᠢᠬᠤᠯᠠ ᠬᠡᠮᠵᠢᠶ᠎ᠡ ᠶᠢ ᠦᠨᠳᠦᠰᠦᠯᠡᠨ᠂ ᠲᠡᠤᠬᠡ ᠶᠢᠨ ᠳᠤᠷᠠᠰᠬᠠᠯᠲᠤ | ᠵᠦᠢᠯᠡᠰ ᠲᠤ ᠠᠳᠠᠯᠢ ᠪᠤᠰᠤ ᠲᠠᠰ ᠤᠨ ᠬᠠᠮᠠᠭᠠᠯᠠᠯᠲᠠ ᠶᠢᠨ ᠬᠤᠪᠢᠶᠠᠷᠢᠯᠠᠯ ᠬᠢᠵᠦ᠂ ᠡᠭᠦᠨ ᠳᠤ ᠥᠪᠡᠷᠲᠡᠭᠡᠨ ᠵᠠᠰᠠᠬᠤ | ᠣᠷᠣᠨ ᠤ ᠭᠤᠤᠯᠳᠠᠯᠭ᠎ᠠ ᠲᠠᠢ ᠬᠠᠮᠠᠭᠠᠯᠠᠬᠤ ᠲᠡᠤᠬᠡ ᠶᠢᠨ ᠳᠤᠷᠠᠰᠬᠠᠯᠲᠤ ᠵᠦᠢᠯᠡᠰ᠂ ᠤᠯᠠᠭᠠᠨᠴᠠᠪ ᠬᠤᠲᠠ ᠶᠢᠨ | ᠭᠤᠤᠯᠳᠠᠯᠭ᠎ᠠ ᠲᠠᠢ ᠬᠠᠮᠠᠭᠠᠯᠠᠬᠤ ᠲᠡᠤᠬᠡ ᠶᠢᠨ ᠳᠤᠷᠠᠰᠬᠠᠯᠲᠤ ᠵᠦᠢᠯᠡᠰ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠭᠤᠤᠯᠳᠠᠯᠭ᠎ᠠ ᠲᠠᠢ ᠬᠠᠮᠠᠭᠠᠯᠠᠬᠤ ᠲᠡᠤᠬᠡ ᠶᠢᠨ ᠳᠤᠷᠠᠰᠬᠠᠯᠲᠤ ᠵᠦᠢᠯ ᠵᠡᠷᠭᠡ ᠪᠠᠭᠲᠠᠨ᠎ᠠ᠃ | 3. ᠬᠠᠮᠠᠭᠠᠯᠠᠬᠤ ᠠᠷᠭ᠎ᠠ ᠬᠡᠮᠵᠢᠶ᠎ᠡ᠄ ᠠᠳᠠᠯᠢ ᠪᠤᠰᠤ ᠲᠠᠰ ᠤᠨ ᠪᠤᠰᠤᠳ ᠲᠡᠤᠬᠡ ᠶᠢᠨ ᠳᠤᠷᠠᠰᠬᠠᠯᠲᠤ | ᠵᠦᠢᠯᠡᠰ ᠲᠤ ᠴᠢᠭᠯᠡᠭᠦᠯᠦᠨ᠂ ᠵᠣᠬᠢᠴᠠᠩᠭᠤᠶ ᠬᠠᠮᠠᠭᠠᠯᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠂ ᠡᠭᠦᠨ ᠳᠤ | ᠬᠠᠮᠠᠭᠠᠯᠠᠬᠤ ᠬᠡᠪᠴᠢᠶ᠎ᠡ ᠶᠢ ᠲᠣᠭᠲᠠᠭᠠᠬᠤ᠂ ᠬᠠᠮᠠᠭᠠᠯᠠᠬᠤ ᠲᠡᠮᠳᠡᠭ ᠲᠠᠯᠪᠢᠬᠤ᠂ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠪᠠ ᠬᠢᠨᠠᠨ ᠬᠡᠮᠵᠢᠬᠦ ᠶᠢ ᠴᠢᠩᠭᠠᠳᠬᠠᠬᠤ ᠵᠡᠷᠭᠡ ᠶᠢ ᠪᠠᠭᠲᠠᠭᠠᠨ᠎ᠠ᠃ | 4 ᠬᠠᠷᠢᠭᠤᠴᠠᠯᠭ᠎ᠠ ᠶᠢᠨ ᠭᠤᠣᠯ ᠴᠣᠭᠴᠠ᠄ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠪᠠ᠂ ᠡᠭᠦᠨ ᠳᠤ ᠬᠤᠰᠢᠭᠤᠨ ᠤ ᠵᠠᠰᠠᠭ ᠤᠨ ᠣᠷᠳᠣᠨ᠂ | ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ | ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠵᠡᠷᠭᠡ ᠶᠢ ᠪᠠᠭᠲᠠᠭᠠᠵᠤ᠂ ᠬᠠᠮᠠᠭᠠᠯᠠᠬᠤ ᠠᠵᠢᠯ ᠤᠨ ᠡᠮᠬᠢ ᠵᠢᠷᠤᠮ ᠲᠠᠢ | ᠥᠷᠨᠢᠬᠦ ᠶᠢ ᠦᠨᠡᠨ ᠬᠦ ᠪᠠᠳᠣᠯᠠᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠠᠴᠢ ᠬᠤᠯᠪᠣᠭᠳᠠᠯ | 1. ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢ ᠠᠬᠢᠭᠤᠯᠣᠨ᠎ᠠ᠄ ᠨᠡᠷᠡᠰ ᠤᠨ ᠵᠢᠭᠰᠠᠭᠠᠯᠲᠠ ᠶᠢ | ᠨᠡᠶᠢᠲᠡᠯᠡᠬᠦ ᠪᠠᠷ ᠳᠠᠮᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠤ ᠲᠣᠳᠣᠷᠬᠠᠶ ᠬᠠᠷᠠᠯᠲᠠ ᠪᠠ | ᠴᠢᠭᠯᠡᠯ ᠢ ᠬᠠᠩᠭᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠴᠢᠩᠭᠠᠳᠬᠠᠬᠤ ᠳᠤ ᠠᠰᠢᠭᠲᠠᠶ | ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠬᠠᠩᠭᠠᠭᠰᠠᠨ ᠪᠠᠶᠢᠨ᠎ᠠ᠃ | 2. ᠨᠡᠶᠢᠭᠡᠮ ᠤᠨ ᠦᠵᠡᠯ ᠤᠬᠠᠮᠰᠠᠷ ᠢ ᠨᠡᠮᠡᠭᠳᠡᠭᠦᠯᠦᠨ᠎ᠡ᠄ ᠤᠬᠠᠭᠤᠯᠭ᠎ᠠ ᠪᠠ ᠬᠥᠮᠦᠵᠢᠯ ᠢᠶᠠᠷ ᠳᠠᠮᠵᠢᠭᠤᠯᠤᠨ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠡᠶᠢᠭᠡᠮ ᠤᠨ ᠣᠯᠠᠨ ᠨᠡᠶᠢᠲᠡ ᠶᠢᠨ ᠲᠠᠨᠢᠯᠲᠠ ᠪᠠ ᠣᠷᠣᠯᠴᠠᠬᠤ | ᠬᠡᠮᠵᠢᠶ᠎ᠡ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠲᠤᠪᠠᠷ | ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠎ᠠ᠃ | 3. ᠰᠣᠶᠣᠯ ᠵᠢᠭᠤᠯᠴᠢᠯᠠᠯ ᠢ ᠲᠦᠯᠬᠢᠨ ᠠᠬᠢᠭᠤᠯᠣᠨ᠎ᠠ᠄ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ | ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠬᠠᠷᠢᠯᠴᠠᠨ ᠤᠶᠠᠯᠳᠤᠭᠤᠯᠵᠤ᠂ ᠲᠤᠬᠠᠶ ᠶᠢᠨ ᠭᠠᠵᠠᠷ ᠤᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠭᠠᠵᠠᠷ ᠣᠷᠣᠨ ᠤ ᠠᠯᠳᠠᠷᠰᠢᠯ ᠪᠠ | ᠨᠥᠯᠥᠭᠡᠯᠡᠬᠦ ᠬᠦᠴᠦᠨ ᠢ ᠲᠡᠭᠡᠭᠰᠢᠯᠡᠬᠦᠯᠥᠨ᠎ᠡ᠃ | ᠳᠥᠷᠪᠡ᠂ ᠬᠡᠷᠡᠭᠵᠢᠭᠦᠯᠬᠦ ᠰᠠᠨᠠᠭᠤᠯᠭ᠎ᠠ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠄ ᠲᠡᠦᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠲᠤᠰᠬᠠᠶ ᠤᠳᠤᠷᠢᠳᠬᠤ ᠳᠤᠭᠤᠶᠢᠯᠠᠩ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ | ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | 2. ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠎ᠡ᠄ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠂ ᠬᠠᠮᠠᠭᠠᠯᠠᠯᠲᠠ ᠶᠢᠨ ᠪᠡᠯᠡᠳᠬᠡᠮᠵᠢ ᠪᠣᠯᠤᠨ | ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠳᠤ | ᠬᠦᠴᠦᠲᠡᠶ ᠪᠠᠲᠤᠯᠠᠭ᠎ᠠ ᠬᠠᠩᠭᠠᠨ᠎ᠠ᠃ | 3. ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠄ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠬᠠᠮᠠᠭᠠᠯᠠᠬᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ | ᠦᠨᠡᠨᠬᠦ ᠪᠠᠲᠤᠯᠠᠬᠤ ᠬᠡᠷᠡᠭᠲᠡᠶ᠃ | 4. ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠄ ᠣᠯᠠᠨ ᠵᠦᠢᠯ ᠤᠨ ᠠᠷᠭ᠎ᠠ ᠵᠠᠮ ᠪᠣᠯᠤᠨ ᠬᠡᠯᠪᠡᠷᠢ | ᠮᠠᠶ᠋ᠢᠭ ᠢᠶᠠᠷ ᠳᠠᠮᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠣᠯᠠᠨ ᠨᠡᠶᠢᠲᠡ ᠶᠢᠨ ᠬᠠᠮᠠᠭᠠᠯᠠᠬᠤ ᠦᠵᠡᠯ ᠤᠬᠠᠮᠰᠠᠷ ᠪᠣᠯᠤᠨ ᠣᠷᠣᠯᠴᠠᠬᠤ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ | ᠡᠨᠡ ᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠡᠮᠵᠢᠨ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠨᠠᠩ ᠰᠠᠶᠢᠨ ᠬᠠᠮᠠᠭᠠᠯᠠᠨ | ᠤᠯᠠᠮᠵᠢᠯᠠᠵᠤ᠂ ᠦᠷ᠎ᠡ ᠬᠤᠶᠢᠴᠢᠰ ᠲᠤ ᠪᠠᠨ ᠨᠠᠩ ᠣᠯᠠᠨ ᠲᠡᠤᠬᠡ ᠰᠣᠶᠣᠯ ᠤᠨ ᠦᠨᠡᠲᠦ ᠡᠷᠳᠡᠨᠢ ᠦᠯᠡᠳᠡᠭᠡᠨ | ᠥᠭᠬᠦ ᠪᠣᠯᠤᠨ᠎ᠠ᠃ | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠰᠦᠯᠵᠢᠶ᠎ᠡ | ᠣᠷᠴᠢᠭᠤᠯᠣᠨᠨᠴᠢ᠄ ᠭᠧ ᠲᠣᠸᠠᠨ ᠯᠢᠶᠡᠨ | |