【ᠦᠰᠦᠭ ᠪᠢᠴᠢᠭ ᠢᠶᠠᠷ ᠦᠬᠦᠯᠡᠬᠦᠢ】 ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠪᠠᠶᠢᠭᠤᠯᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/22
       ᠨᠢᠭᠡ᠂ ᠲᠣᠭᠲᠠᠭᠠᠭᠰᠠᠨ ᠠᠬᠤᠶ ᠪᠠᠶᠢᠳᠠᠯ      2024 ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ 2024 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠮᠡᠳᠡᠭᠳᠡᠯ ᠤᠨ ᠵᠣᠷᠢᠭ ᠰᠠᠨᠠᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠵᠤ᠂ ᠠᠶᠤᠯ ᠲᠦᠭᠰᠢᠭᠦᠷᠢ ᠪᠠ ᠳᠠᠯᠳᠠ ᠬᠡᠮ ᠢ ᠬᠠᠮᠤᠭ ᠤᠨ ᠳᠣᠤᠷ᠎ᠠ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠣᠰ ᠠᠵᠢᠯ ᠤᠨ ᠲᠤᠰᠬᠠᠶ ᠠᠩᠭᠢ ᠶᠢ ᠲᠣᠭᠲᠠᠭᠠᠪᠠ᠃       ᠬᠤᠶᠠᠷ᠂ ᠭᠤᠣᠯ ᠠᠭᠤᠯᠭ᠎ᠠ       ᠪᠢᠴᠢᠭ ᠮᠠᠲ᠋ᠧᠷᠢᠶᠠᠯ ᠢ ᠭᠤᠣᠯᠳᠠᠭᠤ ᠭᠤᠷᠪᠠᠨ ᠬᠡᠰᠡᠭ ᠲᠤ ᠬᠤᠪᠢᠶᠠᠪᠠ᠂ ᠨᠢᠭᠡ ᠳᠤ᠂ ᠪᠦᠷᠢᠯᠳᠦᠬᠦᠨ ᠭᠡᠰᠢᠭᠦᠨ᠂ ᠬᠤᠶᠠᠷ ᠲᠤ᠂ ᠠᠵᠢᠯ ᠤᠨ ᠡᠭᠦᠷᠭᠡ ᠬᠠᠷᠢᠭᠤᠴᠠᠯᠭ᠎ᠠ᠂ ᠭᠤᠷᠪᠠ ᠳᠤ᠂ ᠠᠵᠢᠯ ᠤᠨ ᠱᠠᠭᠠᠷᠳᠠᠯᠭ᠎ᠠ᠃       ᠨᠢᠭᠡᠳᠦᠭᠡᠷ ᠬᠡᠰᠡᠭ ᠠᠭᠤᠯᠭ᠎ᠠ ᠨᠢ ᠭᠤᠣᠯᠳᠠᠭᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠤᠨ ᠲᠤᠰᠬᠠᠶ ᠠᠩᠭᠢ ᠶᠢᠨ ᠠᠵᠢᠯᠲᠠᠨ ᠤ ᠪᠦᠷᠢᠯᠳᠦᠬᠦᠨ ᠢ ᠲᠣᠳᠣᠷᠬᠠᠶᠢᠯᠠᠪᠠ᠃       ᠬᠤᠶᠠᠳᠤᠭᠠᠷ ᠬᠡᠰᠡᠭ ᠲᠤ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ ᠵᠢᠴᠢ ᠡᠯ᠎ᠡ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠪᠠᠷᠢᠯᠭ᠎ᠠ ᠶᠢᠨ ᠢᠨᠵᠧᠨᠧᠷᠢᠩ ᠤᠨ ᠪᠠᠶᠢᠭᠤᠯᠵᠤ ᠪᠠᠶᠢᠭ᠎ᠠ ᠲᠥᠷᠥᠯ ᠵᠦᠢᠯ᠂ ᠰᠢᠲᠠᠮᠠᠬᠠᠶ ᠬᠡᠶ ︵ᠪᠠᠶᠢᠭᠠᠯᠢ ᠶᠢᠨ ᠰᠢᠲᠠᠮᠠᠬᠠᠶ ᠬᠡᠶ ᠶᠢᠨ ᠬᠡᠶ ᠨᠡᠮᠡᠬᠦ ᠥᠷᠲᠡᠭᠡ ᠪᠠᠭᠲᠠᠨ᠎ᠠ︶᠂ ᠴᠠᠬᠢᠯᠭᠠᠨ ᠴᠡᠨᠡᠭᠯᠡᠬᠦ ᠱᠣᠩ᠂ ᠡᠯ᠎ᠡ ᠬᠠᠭᠤᠴᠢᠨ  ᠰᠠᠭᠤᠭᠠᠯᠢ ᠲᠣᠭᠤᠷᠢᠭ ᠤᠨ ᠬᠡᠷ ᠪᠠᠶᠢᠰᠢᠩ ᠳᠤ ᠡᠯᠳᠡᠪ ᠪᠣᠳᠠᠰ ᠣᠪᠣᠭᠠᠯᠠᠬᠤ᠂ ᠠᠰᠠᠷ ᠤᠨ ᠬᠤᠩᠭᠢᠯ ᠳᠤ ᠴᠠᠬᠢᠯᠭᠠᠨ ᠬᠥᠳᠡᠯᠭᠡᠭᠦᠷᠲᠦ ᠲᠡᠷᠭᠡ ᠴᠡᠨᠡᠭᠯᠡᠬᠦ ᠵᠡᠷᠭᠡ ᠶᠢ ᠪᠠᠶᠢᠴᠠᠭᠠᠨ ᠵᠢᠭᠰᠠᠭᠠᠬᠤ ᠬᠡᠷᠡᠭᠲᠡᠶ ᠭᠡᠵᠦ ᠱᠠᠭᠠᠷᠳᠠᠪᠠ᠃       ᠭᠤᠷᠪᠠᠳᠤᠭᠠᠷ ᠬᠡᠰᠡᠭ ᠲᠤ ᠲᠤᠰᠬᠠᠶ ᠴᠡᠭᠴᠡᠯᠡᠨ ᠵᠠᠰᠠᠬᠤ ᠠᠵᠢᠯ ᠳᠤ ᠱᠠᠭᠠᠷᠳᠠᠯᠭ᠎ᠠ ᠳᠤᠷᠠᠳᠪᠠ᠃ ︽ᠬᠡᠨ ᠡᠵᠡᠮᠰᠢᠵᠦ ᠪᠠᠶᠢᠪᠠᠯ ᠲᠡᠷᠡ ᠬᠠᠷᠢᠭᠤᠴᠠᠬᠤ︾᠂ ︽ᠬᠡᠨ ᠵᠢᠭᠰᠠᠭᠠᠨ ᠪᠠᠶᠢᠴᠠᠭᠠᠪᠠᠯ ᠲᠡᠷᠡ  ᠬᠠᠷᠢᠭᠤᠴᠠᠬᠤ  ︾᠂ ︽ᠬᠡᠨ ᠭᠤᠤᠯᠴᠢᠯᠠᠨ ᠬᠠᠮᠢᠶᠠᠷᠴᠤ ᠪᠠᠶᠢᠪᠠᠯ ᠲᠡᠷᠡ ᠬᠠᠷᠢᠭᠤᠴᠠᠬᠤ︾᠂ ︽ᠬᠡᠨ ᠰᠢᠯᠭᠠᠨ ᠠᠪᠤᠪᠠᠯ  ᠲᠡᠷᠡ  ᠬᠠᠷᠢᠭᠤᠴᠠᠬᠤ︾᠂ ︽ᠬᠡᠨ ᠣᠷᠢᠵᠦ ᠢᠷᠡᠭᠰᠡᠨ ᠪᠠᠶᠢᠪᠠᠯ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠶ᠃      ᠭᠤᠷᠪᠠ᠂ ᠠᠵᠢᠯ ᠤᠨ ᠱᠠᠭᠠᠷᠳᠠᠯᠭ᠎ᠠ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠢ ᠬᠠᠮᠢᠶᠠᠷᠬᠤ ᠪᠣᠯ ᠳᠠᠷᠤᠢ ᠠᠮᠤᠷ ᠲᠦᠪᠰᠢᠨ ᠢ ᠬᠠᠮᠢᠶᠠᠷᠬᠤ᠂ ᠠᠮᠤᠷ ᠲᠦᠪᠰᠢᠨ ᠢ ᠬᠠᠮᠢᠶᠠᠷᠬᠤ ᠪᠣᠯ ᠳᠠᠷᠤᠢ ᠲᠣᠭᠲᠠᠭᠤᠨ ᠢ ᠬᠠᠮᠢᠶᠠᠷᠬᠤ ᠱᠠᠭᠠᠷᠳᠠᠯᠭ᠎ᠠ ᠪᠣᠯᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠭᠤᠣᠯᠳᠠᠯᠭ᠎ᠠ ᠲᠠᠢ ᠪᠣᠭᠤᠮᠲᠠ ᠰᠢᠪᠲᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠬᠦᠴᠦᠯᠡᠨ ᠴᠢᠩᠭᠠᠳᠬᠠᠵᠤ᠂ ᠠᠮᠤᠷ ᠲᠦᠪᠰᠢᠨ ᠢ ᠬᠠᠮᠲᠤᠪᠠᠷ ᠵᠠᠰᠠᠬᠤ ᠲᠡᠭᠦᠯᠳᠡᠷᠵᠢᠭᠰᠡᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃               ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ          ᠣᠷᠴᠢᠭᠤᠯᠣᠨᠨᠴᠢ᠄  ᠭᠧ ᠲᠣᠸᠠᠨ ᠯᠢᠶᠡᠨ          
 
ᠢᠷᠡᠯᠲᠡ᠄ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号