ᠨᠣᠮ ᠪᠢᠴᠢᠭ ᠤᠨ ᠬᠠᠮᠢᠶᠠᠷᠤᠯᠲᠠ ᠶᠢ ᠵᠢᠷᠤᠮᠵᠢᠭᠤᠯᠵᠤ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/3/29
                  ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠪᠣᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠭᠡᠲᠡᠯ᠎ᠡ ᠰᠤᠷᠭᠠᠭᠤᠯᠢ ᠶᠢᠨ ᠨᠣᠮ ᠪᠢᠴᠢᠭ ᠤᠨ ᠵᠢᠷᠤᠮᠵᠢᠭᠰᠠᠨ ᠬᠠᠮᠢᠶᠠᠷᠤᠯᠲᠠ ᠪᠣᠯ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠨᠢᠭᠡ ᠭᠤᠭᠴᠤᠭ᠎ᠠ ᠮᠥᠨ᠂ ︽ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠳᠤ᠂ ᠰᠤᠷᠭᠠᠨ ᠬᠥᠮᠦᠵᠢᠯ ᠤᠨ ᠶᠠᠮᠤᠨ ᠨᠣᠮ ᠪᠢᠴᠢᠭ ᠤᠨ ᠬᠠᠮᠢᠶᠠᠷᠤᠯᠲᠠ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠬᠥᠮᠦᠨ ᠳᠤᠮᠳᠠᠴᠢ ᠶᠢᠨ ᠨᠣᠮ ᠪᠢᠴᠢᠭ ᠤᠨ ᠬᠡᠮᠵᠢᠶ᠎ᠡ ᠵᠡᠷᠭᠡ ᠲᠠᠯ᠎ᠠ ᠪᠠᠷ ᠲᠣᠳᠣᠷᠬᠠᠶ ᠲᠣᠭᠲᠠᠭᠠᠯ ᠭᠠᠷᠭᠠᠵᠠᠶ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠰᠬᠠᠶ ᠬᠢᠨᠠᠨ ᠪᠤᠳᠤᠬᠤ ᠳᠤᠮᠳᠠ ᠠᠴᠠ ᠪᠠᠰᠠ ᠬᠡᠰᠡᠭ ᠰᠤᠷᠭᠠᠭᠤᠯᠢ ᠳᠤ ᠨᠣᠮ ᠪᠢᠴᠢᠭ ᠤᠨ ᠲᠣᠬᠢᠷᠠᠭᠤᠯᠤᠯᠲᠠ ᠪᠠᠷᠢᠮᠵᠢᠶ᠎ᠠ ᠳᠤ ᠬᠦᠷᠬᠦ ᠥᠬᠡᠶ ᠪᠠᠶᠢᠬᠤ ᠠᠰᠠᠭᠤᠳᠠᠯ ᠢ ᠣᠯᠵᠤ ᠮᠡᠳᠡᠵᠡᠶ᠂ ᠳᠡᠭᠡᠷᠡᠬᠢ ᠪᠠᠶᠢᠳᠠᠯ ᠳᠤ ᠴᠢᠭᠯᠡᠭᠦᠯᠦᠨ᠂ ᠬᠢᠨᠠᠨ ᠪᠤᠳᠤᠬᠤ ᠰᠠᠨᠠᠭᠤᠯᠭ᠎ᠠ᠄      ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠰᠠᠶᠢᠨ ᠰᠠᠶᠢᠬᠠᠨ ᠤᠩᠰᠢᠯᠭ᠎ᠠ ᠶᠢᠨ ᠣᠷᠴᠢᠨ ᠲᠣᠭᠤᠷᠢᠨ ᠪᠣᠯ ᠰᠤᠷᠤᠭᠴᠢᠳ ᠤᠨ ᠤᠩᠰᠢᠯᠭ᠎ᠠ ᠶᠢᠨ ᠳᠠᠳᠬᠠᠯ ᠢ ᠬᠥᠮᠥᠵᠢᠭᠦᠯᠬᠦ᠂ ᠰᠤᠷᠤᠭᠴᠢᠳ ᠤᠨ ᠤᠩᠰᠢᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠪᠠᠭᠰᠢ ᠶᠢᠨ ᠵᠢᠭᠠᠨ ᠰᠤᠳᠤᠯᠬᠤ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠤᠭᠴᠤᠭ᠎ᠠ ᠪᠣᠯᠤᠨ᠎ᠠ᠂ ᠰᠤᠷᠭᠠᠭᠤᠯᠢ ᠨᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠰᠤᠷᠤᠭᠴᠢᠳ ᠲᠤ ᠲᠠᠭᠠᠯᠠᠮᠵᠢᠲᠠᠢ᠂ ᠨᠠᠮ ᠵᠢᠮ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ ᠥᠭᠬᠦ ᠬᠡᠷᠡᠭᠲᠡᠢ᠃      ᠬᠤᠶᠠᠷ ᠲᠤ᠂ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠣᠮ ᠪᠢᠴᠢᠭ ᠤᠨ ᠶᠠᠰᠤ ᠴᠢᠨᠠᠷ ᠢ ᠰᠢᠯᠢᠳᠡᠭᠵᠢᠭᠦᠯᠪᠡ᠃ ᠡᠯ᠎ᠡ ᠰᠤᠷᠭᠠᠭᠤᠯᠢ ᠨᠤᠭᠤᠳ ᠨᠣᠮ ᠪᠢᠴᠢᠭ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠣᠮ ᠪᠢᠴᠢᠭ ᠢ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠰᠣᠷᠣᠭᠴᠢ ᠶᠢᠨ ᠳᠤᠮᠳᠠᠴᠢ ᠨᠣᠮ ᠬᠠᠳᠠᠭᠠᠯᠠᠬᠤ ᠬᠡᠮᠵᠢᠶᠡᠨ ᠤ ᠪᠠᠷᠢᠮᠵᠢᠶ᠎ᠠ᠂ ᠨᠣᠮ ᠪᠢᠴᠢᠭ ᠪᠦᠷᠢᠨ ᠪᠦᠲᠦᠨ ᠲᠣᠳᠣᠷᠬᠠᠶ᠂ ᠤᠩᠰᠢᠯᠭ᠎ᠠ ᠶᠢᠨ ᠡᠬᠢ ᠪᠠᠶᠠᠯᠢᠭ ᠡᠯᠪᠡᠭ ᠪᠠᠶᠠᠯᠢᠭ ᠪᠠᠶᠢᠬᠤ ᠶᠢ ᠦᠨᠡᠨᠬᠦ ᠪᠠᠲᠤᠯᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤᠨᠢ ᠰᠢᠨᠡᠳᠬᠡᠵᠦ᠂ ᠨᠣᠮ ᠪᠢᠴᠢᠭ ᠰᠢᠨ᠎ᠡ ᠪᠠᠷ ᠨᠡᠮᠡᠵᠦ᠂ ᠡᠭᠦᠨ ᠤ ᠬᠠᠮᠲᠤ ᠨᠣᠮ ᠪᠢᠴᠢᠭ ᠣᠷᠣᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠴᠢᠨᠠᠷ ᠰᠠᠶᠢᠲᠠᠶ ᠨᠣᠮ ᠪᠢᠴᠢᠭ ᠢ ᠬᠤᠳᠠᠯᠳᠤᠨ ᠠᠪᠴᠤ᠂ ᠪᠠᠭᠰᠢ ᠰᠤᠷᠤᠭᠴᠢᠳ ᠤᠨ ᠤᠩᠰᠢᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃                  ᠵᠣᠬᠢᠶᠠᠭᠴᠢ᠄ ᠸᠠᠩ ᠢᠦᠶ ᠲᠢᠩ                       ᠣᠷᠴᠢᠭᠤᠯᠣᠨᠨᠴᠢ᠄  ᠭᠧ ᠲᠣᠸᠠᠨ ᠯᠢᠶᠡᠨ              
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号