ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠥᠪ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/3/29
            3 ᠰᠠᠷ᠎ᠠ ᠶᠢᠨ 28 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠥᠪ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠪᠣᠯᠪᠠᠰᠤᠷᠠᠯ ᠥᠷᠨᠢᠭᠦᠯᠪᠡ᠃

      ᠪᠣᠯᠪᠠᠰᠤᠷᠠᠭᠤᠯᠤᠯ ᠤᠨ ᠳᠤᠮᠳᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ

ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠤᠨᠲᠠᠷᠠᠭᠠᠭᠴᠢ ᠬᠡᠷ ᠪᠦᠯᠢ ᠶᠢᠨ ᠣᠷᠣᠨ ᠰᠠᠭᠤᠴᠠ᠂ ᠠᠵᠢᠯᠯᠠᠬᠤ

ᠭᠠᠵᠠᠷ ᠤᠨ ᠭᠠᠯ ᠤᠨ ᠠᠶᠤᠯ ᠤᠨ ᠣᠨᠴᠠᠯᠢᠭ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠴᠠᠭ᠂

ᠣᠷᠣᠨ ᠪᠠᠶᠢᠷᠢ᠂ ᠠᠷᠭ᠎ᠠ ᠮᠠᠶ᠋ᠢᠭ ᠵᠡᠷᠭᠡ ᠮᠡᠳᠡᠯᠭᠡ ᠶᠢ ᠨᠠᠷᠢᠨ ᠲᠠᠨᠢᠯᠴᠠᠭᠤᠯᠵᠤ᠂ ᠭᠠᠯ ᠤᠨ ᠠᠶᠤᠯ ᠤᠨ ᠳᠠᠯᠳᠠ

ᠬᠡᠮ ᠢ ᠠᠷᠢᠯᠭᠠᠬᠤ᠂ ᠠᠩᠬᠠᠨ ᠤ ᠬᠤᠭᠤᠴᠠᠭᠠᠨ ᠤ ᠭᠠᠯ ᠤᠨᠲᠠᠷᠠᠭᠠᠬᠤ᠂ ᠠᠮᠢ ᠵᠢᠭᠤᠲᠠᠬᠤ ᠪᠠ ᠭᠠᠯ ᠤᠨᠲᠠᠷᠠᠭᠠᠬᠤ

ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ ᠮᠡᠳᠡᠯᠭᠡ ᠶᠢ ᠭᠤᠤᠯᠳᠠᠯᠭ᠎ᠠ ᠲᠠᠢ ᠲᠦᠭᠡᠮᠡᠯᠵᠢᠭᠦᠯᠪᠡ᠃ ᠪᠠᠴᠢᠮ ᠪᠠᠶᠢᠳᠠᠯ ᠢ

ᠠᠷᠭᠠᠴᠠᠨ ᠲᠠᠷᠬᠠᠭᠠᠬᠤ ᠵᠢᠴᠢ ᠭᠠᠯ ᠤᠨᠲᠠᠷᠠᠭᠠᠬᠤ ᠠᠵᠢᠯᠯᠠᠭᠠᠨ ᠤ ᠰᠣᠷᠢᠯᠲᠠ ᠶᠢᠨ ᠲᠤᠬᠠᠶ ᠶᠢᠨ ᠲᠠᠯᠠᠪᠠᠶ ᠳᠤ᠂

ᠲᠠᠷᠬᠠᠭᠠᠬᠤ ᠰᠣᠷᠢᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠭᠠᠯ ᠤᠨᠲᠠᠷᠠᠭᠠᠭᠤᠷ ᠤᠨ ᠴᠢᠨᠠᠷ

ᠴᠢᠨᠰᠠᠭ᠎ᠠ ᠵᠢᠴᠢ ᠬᠡᠷᠡᠭᠯᠡᠬᠦ ᠠᠷᠭ᠎ᠠ ᠶᠢ ᠨᠠᠷᠢᠨ ᠲᠠᠶᠢᠯᠤᠮᠵᠢ ᠪᠠ ᠦᠵᠡᠭᠦᠯᠦᠯᠭᠡ ᠳᠤ ᠣᠷᠣᠭᠤᠯᠵᠤ᠂ ᠪᠣᠯᠪᠠᠰᠤᠷᠠᠯ ᠳᠤ

ᠣᠷᠣᠯᠴᠠᠭᠰᠠᠳ ᠭᠠᠯ ᠤᠨᠲᠠᠷᠠᠭᠠᠬᠤ ᠪᠣᠳᠠᠲᠠᠶ ᠰᠣᠷᠢᠯᠲᠠ ᠳᠤ ᠢᠳᠡᠪᠬᠢᠲᠡᠶ ᠣᠷᠣᠯᠴᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠬᠠᠭᠤᠯᠬᠤ ᠬᠡᠯᠲᠡᠰ ᠤᠨ ᠰᠣᠨᠢᠨ ᠮᠡᠳᠡᠭᠡ ᠬᠡᠪᠯᠡᠯ

ᠷᠠᠳᠢᠣ᠋ ᠲᠧᠯᠸᠢᠰ ᠤᠨ ᠲᠥᠪ ᠤᠨ ᠠᠵᠢᠯᠲᠠᠨ ᠳ᠋ᠦ᠋ ᠷᠦᠨ ᠶᠧ᠄ ︽ᠭᠠᠯ ᠤᠨᠲᠠᠷᠠᠭᠠᠭᠴᠢ ᠶᠢᠨ ᠲᠠᠶᠢᠯᠪᠤᠷᠢᠯᠠᠯᠲᠠ ᠪᠠᠷ

ᠳᠡᠮᠵᠢᠨ᠂ ᠪᠢᠳᠡ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠡᠳᠦᠷ

ᠲᠤᠲᠤᠮ ᠤᠨ ᠠᠮᠢᠳᠤᠷᠠᠯ ᠤᠨ ᠳᠤᠮᠳᠠᠬᠢ ᠭᠠᠯ ᠤᠨᠲᠠᠷᠠᠭᠠᠬᠤ ᠮᠡᠳᠡᠯᠭᠡ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ

ᠵᠠᠷᠢᠮ ᠠᠷᠭ᠎ᠠ ᠬᠡᠮᠵᠢᠶ᠎ᠡ ᠶᠢ ᠰᠤᠷᠴᠤ᠂ ᠷᠠᠳᠢᠣ᠋ ᠲᠧᠯᠸᠢᠰ ᠤᠨ ᠠᠶᠤᠯᠭᠦᠶ ᠦᠢᠯᠡᠳᠪᠦᠷᠢᠯᠡᠯ᠂ ᠠᠮᠤᠷ ᠲᠦᠪᠰᠢᠨ ᠤ

ᠨᠡᠪᠲᠡᠷᠡᠭᠦᠯᠭᠡ ᠶᠢ ᠦᠨᠡᠨ ᠬᠦ ᠪᠠᠲᠤᠯᠠᠪᠠ︾ ᠭᠡᠵᠡᠶ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ

ᠠᠩᠭᠢ ᠶᠢᠨ ᠭᠠᠯ ᠤᠨᠲᠠᠷᠠᠭᠠᠭᠴᠢ ᠷᠧᠨ ᠢ᠄ ︽ᠥᠨᠥᠳᠦᠷ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ

ᠪᠣᠯᠪᠠᠰᠤᠷᠠᠯ ᠵᠢᠴᠢ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠵᠦ᠂ ᠤᠯᠠᠨ ᠢᠶᠠᠷ ᠢᠶᠠᠨ ᠭᠠᠯ ᠤᠨᠲᠠᠷᠠᠭᠠᠬᠤ ᠠᠮᠤᠷ

ᠲᠦᠪᠰᠢᠨ ᠤ ᠮᠡᠳᠡᠯᠭᠡ ᠶᠢ ᠨᠠᠷᠢᠨ ᠬᠢᠨᠠᠮᠠᠭᠠᠢ ᠪᠠᠲᠤ ᠴᠡᠭᠡᠵᠢᠯᠡᠵᠦ᠂ ᠭᠠᠯ ᠤᠨᠲᠠᠷᠠᠭᠠᠬᠤ ᠳᠤ ᠣᠷᠣᠯᠴᠠᠵᠤ᠂ ᠭᠠᠯ

ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠡᠷᠡᠮ ᠢ ᠪᠠᠲᠤ  ᠴᠣᠭᠴᠠᠯᠠᠬᠤ ᠶᠢ ᠬᠦᠰᠡᠵᠦ  ᠪᠠᠶᠢᠨ᠎ᠠ︾

ᠭᠡᠪᠡ᠃

        ᠰᠤᠷᠪᠤᠯᠵᠢᠯᠠᠭᠴᠢ᠄ ᠵᠠᠩ ᠰᠢᠶᠤᠤ ᠳ᠋ᠦᠩ      ᠬᠤᠤ ᠯᠢ ᠰᠢᠨ

        ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号