ᠵᠡᠭᠡᠷᠡᠲᠦ ᠬᠤᠲᠠ ᠪᠠᠯᠭᠠᠰᠤ 2023 ᠣᠨ ᠤ ᠤᠳᠤᠷᠢᠳᠬᠤ ᠪᠠᠭ ᠤᠨ ᠵᠢᠯ ᠤᠨ ᠡᠴᠦᠰ ᠤᠨ ᠬᠢᠨᠠᠨ ᠰᠢᠯᠭᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/6
     2023 ᠣᠨ ᠤ ᠠᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠨ ᠡᠷᠬᠢᠴᠡᠬᠦᠯᠵᠦ᠂ 2024 ᠣᠨ ᠤ ᠠᠵᠢᠯ ᠤᠨ ᠴᠢᠨᠠᠷ ᠰᠠᠶᠢᠲᠠᠢ ᠥᠷᠨᠢᠬᠦ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 22 ᠤᠨ ᠡᠳᠦᠷ᠂ ᠵᠡᠭᠡᠷᠡᠲᠦ ᠬᠤᠲᠠ ᠪᠠᠯᠭᠠᠰᠤ 2023 ᠣᠨ ᠤ ᠤᠳᠤᠷᠢᠳᠬᠤ ᠪᠠᠭ ᠤᠨ ᠵᠢᠯ ᠤᠨ ᠡᠴᠦᠰ ᠤᠨ ᠬᠢᠨᠠᠨ ᠰᠢᠯᠭᠠᠬᠤ ᠶᠡᠭᠡ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠬᠢᠨᠠᠨ ᠰᠢᠯᠭᠠᠬᠤ ᠳᠤᠭᠤᠶᠢᠯᠠᠩ ᠤᠨ ᠳᠠᠷᠤᠭ᠎ᠠ ᠶᠠᠩ ᠵᠧᠨ ᠢᠦᠶ᠂ ᠳᠤᠭᠤᠶᠢᠯᠠᠩ ᠤᠨ ᠳᠡᠳ᠋ ᠳᠠᠷᠤᠭ᠎ᠠ ᠮᠠ ᠵᠢᠶᠦ᠋ᠨ ᠫᠢᠩ ᠨᠡᠷ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠶᠠᠩ ᠵᠧᠨ ᠢᠦᠶ ᠬᠤᠷᠠᠯ ᠢ ᠡᠷᠭᠢᠯᠡᠪᠡ᠃       ᠲᠣᠰ ᠤᠳᠠᠭᠠᠨ ᠤ ᠬᠢᠨᠠᠨ ᠰᠢᠯᠭᠠᠯᠲᠠ ᠳᠤ ᠬᠠᠷᠢᠭᠤ ᠮᠡᠳᠡᠭᠦᠯᠦᠯᠲᠡ ᠰᠣᠨᠣᠰᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠲᠤᠰᠬᠠᠶ ᠶᠠᠷᠢᠯᠴᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠣᠰᠬᠤᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠰ ᠳᠠᠷᠠᠭᠠᠯᠠᠯ ᠶᠣᠰᠣᠭᠠᠷ ᠪᠥᠬᠦ ᠲᠠᠯ᠎ᠠ ᠪᠠᠷ ᠨᠠᠷᠢᠨ ᠨᠢᠮᠪᠠᠶ ᠥᠷᠨᠢᠭᠦᠯᠵᠦ᠂ ᠤᠳᠤᠷᠢᠳᠬᠤ ᠪᠠᠭ ᠤᠨ ᠨᠢᠭᠡ ᠵᠢᠯ ᠤᠨ ᠲᠤᠷᠰᠢᠬᠢ ᠠᠵᠢᠯ ᠤᠨ ᠪᠣᠳᠠᠲᠤ ᠠᠮᠵᠢᠯᠲᠠ ᠶᠢ ᠪᠥᠬᠦ ᠲᠠᠯ᠎ᠠ ᠪᠠᠷ ᠬᠢᠨᠠᠨ ᠰᠢᠯᠭᠠᠵᠤ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠲᠠᠷᠠᠭᠠᠴᠢ ᠶᠢᠨ ᠠᠯᠬᠤᠮ ᠤᠨ ᠴᠢᠭᠯᠡᠯ ᠢᠶᠠᠨ ᠲᠣᠳᠣᠷᠬᠠᠶᠢᠯᠠᠬᠤ ᠶᠢᠨ ᠲᠥᠯᠥᠭᠡ ᠶᠤᠮ᠃      ᠬᠤᠷᠠᠯ ᠳᠡᠭᠡᠷ᠎ᠡ᠂ ᠶᠠᠩ ᠵᠧᠨ ᠢᠦᠢ ᠬᠢᠨᠠᠨ ᠰᠢᠯᠭᠠᠭᠰᠠᠨ ᠶᠡᠷᠦᠩᠬᠡᠢ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠪᠡ᠃ ᠲᠡᠷᠡ᠂ ᠲᠤᠰ ᠤᠳᠠᠭ᠎ᠠ ᠶᠢᠨ ᠲᠤᠰᠢᠶᠠᠯ ᠤᠨ ᠮᠡᠳᠡᠭᠦᠯᠦᠯᠲᠡ ᠶᠢᠨ ᠦᠨᠡᠯᠡᠯᠲᠡ ᠪᠠᠷ ᠳᠠᠮᠵᠢᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ ᠠᠮᠵᠢᠯᠲᠠ ᠪᠠᠨ ᠡᠮᠬᠢᠯᠡᠵᠦ᠂ ᠲᠤᠷᠰᠢᠯᠭ᠎ᠠ ᠪᠠᠨ ᠳ᠋ᠦᠩᠨᠡᠬᠦ ᠪᠠᠷ ᠪᠠᠷᠠᠬᠤ ᠦᠭᠡᠢ᠂ ᠨᠡᠩ ᠴᠤ ᠠᠰᠠᠭᠤᠳᠠᠯ ᠢ ᠲᠣᠳᠣᠷᠬᠠᠶᠢᠯᠠᠵᠤ᠂ ᠵᠥᠷᠢᠶ᠎ᠡ ᠪᠠᠨ ᠣᠯᠵᠤ ᠬᠠᠷᠠᠬᠤ ᠬᠡᠷᠡᠭᠲᠡᠢ᠃ 2024 ᠣᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠨ ᠰᠢᠪᠲᠤᠯᠵᠤ᠂ ᠠᠵᠢᠯ ᠤᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃       ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ ᠪᠠᠯᠭᠠᠰᠤᠨ ᠤ ᠤᠳᠤᠷᠢᠳᠬᠤ ᠪᠠᠭ ᠢ ᠲᠥᠯᠥᠭᠡᠯᠡᠨ 2023 ᠣᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠳ᠋ᠦᠩᠨᠡᠨ ᠡᠷᠭᠢᠴᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠣᠯᠤᠨ ᠴᠢᠷᠮᠠᠶᠢᠬᠤ ᠴᠢᠭᠯᠡᠯ ᠢᠶᠠᠨ ᠳᠤᠷᠠᠳᠴᠠᠢ᠃ ᠡᠭᠦᠨ ᠤ ᠬᠠᠮᠲᠤ᠂ ᠵᠡᠭᠡᠷᠡᠲᠦ ᠬᠤᠲᠠ ᠪᠠᠯᠭᠠᠰᠤ ᠲᠣᠰ ᠤᠳᠠᠭᠠᠨ ᠤ ᠬᠢᠨᠠᠨ ᠰᠢᠯᠭᠠᠯᠲᠠ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠵᠢᠯ ᠤᠨ ᠳᠤᠲᠠᠭᠤᠳᠠᠯ ᠢᠶᠠᠨ ᠭᠦᠢᠴᠡᠳ ᠨᠥᠬᠦᠪᠥᠷᠢᠯᠡᠵᠦ᠂ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠪᠥᠬᠦ ᠪᠠᠯᠭᠠᠰᠤᠨ ᠤ ᠡᠯ᠎ᠡ ᠵᠦᠢᠯ ᠤᠨ ᠠᠵᠢᠯ ᠢ 2024 ᠣᠨ ᠳᠤ ᠳᠠᠬᠢᠨ ᠰᠢᠯᠢᠳᠡᠭ ᠠᠮᠵᠢᠯᠲᠠ ᠣᠯᠵᠤ᠂ ᠳᠠᠬᠢᠨᠲᠠ ᠬᠡᠷᠡᠯ ᠰᠠᠴᠤᠷᠠᠩᠭᠤᠶ ᠬᠠᠭᠤᠳᠠᠰᠤ ᠶᠢ ᠪᠢᠴᠢᠭᠯᠡᠬᠦ ᠶᠢ ᠠᠬᠢᠭᠤᠯᠤᠨ᠎ᠠ ᠭᠡᠵᠦ ᠢᠯᠡᠳᠬᠡᠪᠡ᠃       ᠵᠡᠭᠡᠷᠡᠲᠦ ᠬᠤᠲᠠ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠬᠦ ᠪᠦᠷᠢᠯᠳᠦᠬᠦᠨ᠂ ᠪᠦᠬᠦ ᠪᠠᠯᠭᠠᠰᠤᠨ ᠤ ᠺᠠᠳ᠋ᠷ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃          ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ         ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号