ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠨᠢ ᠠᠵᠤ ᠦᠢᠯᠡᠰ ᠢ ᠬᠥᠭᠵᠢᠭᠦᠯᠬᠦ ︽ᠰᠢᠨ᠎ᠡ ᠬᠥᠳᠡᠯᠭᠡᠭᠦᠷ︾ ᠪᠤᠯᠪᠠ
ᠨᠡᠶᠢᠲᠡᠯᠡᠭᠰᠡᠨ ᠴᠠᠭ᠄
2024/3/6
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠤᠷᠢᠳᠠᠪᠠᠷ ᠬᠥᠭᠵᠢᠭᠦᠯᠬᠦ ᠬᠡᠷᠡᠭᠲᠡᠢ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠪᠠᠷ ᠳᠠᠮᠵᠢᠭᠤᠯᠵᠤ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠵᠠᠮ ᠢ ᠢᠳᠡᠪᠬᠢᠲᠡᠢ ᠰᠦᠪᠡᠭᠴᠢᠯᠡᠵᠦ᠂ ᠤᠳᠤ ᠶᠢᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ᠂ ᠤᠯᠠᠮᠵᠢᠯᠠᠯᠲᠤ ᠴᠠᠭᠠᠨ ᠢᠳᠡᠭᠡᠨ ᠤ ᠭᠠᠷ ᠤᠷᠠᠯᠠᠯ ᠢ ᠣᠷᠣᠭᠤᠯᠤᠨ  ᠂ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠭᠦᠴᠦᠨ ᠨᠡᠮᠡᠷᠢᠯᠡᠨ᠎ᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠷᠦ᠋ ᠴᠢᠤᠸᠠᠨ ᠴᠠᠭᠠᠨ ᠢᠳᠡᠭᠡ ᠪᠣᠯᠪᠠᠰᠤᠷᠠᠭᠤᠯᠬᠤ

ᠦᠢᠯᠡᠳᠪᠦᠷᠢ ᠳᠤ ᠭᠦᠷᠬᠦ ᠳᠤ᠂ ᠥᠳᠬᠡᠨ ᠰᠠᠶᠢᠬᠠᠨ ᠠᠩᠬᠢᠯᠤᠮ᠎ᠠ ᠰᠦ ᠶᠢᠨ ᠦᠨᠦᠷ ᠬᠠᠩᠬᠤᠯᠤᠨ᠎ᠠ᠃

ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠴᠡᠪᠡᠷ ᠴᠡᠮᠴᠡᠭᠡᠷ  ᠪᠠᠶᠢᠵᠦ᠂ ᠳᠡᠯᠭᠡᠨ ᠦᠵᠡᠭᠦᠯᠬᠦ ᠲᠣᠭᠤᠷᠢᠭ᠂ ᠰᠦ

ᠬᠠᠳᠠᠭᠠᠯᠠᠬᠤ ᠲᠠᠰᠤᠭ᠂ ᠢᠰᠬᠡᠬᠦ ᠲᠠᠰᠤᠭ᠂ ᠪᠣᠯᠪᠠᠰᠤᠷᠠᠭᠤᠯᠬᠤ ᠲᠠᠰᠤᠭ᠂ ᠬᠠᠳᠠᠭᠠᠬᠤ ᠲᠠᠰᠤᠭ᠂ ᠪᠣᠭᠤᠳᠠᠯᠯᠠᠬᠤ

ᠲᠠᠰᠤᠭ ᠪᠠ ᠬᠥᠯᠳᠡᠭᠡᠬᠦ ᠲᠠᠰᠤᠭ ᠵᠡᠷᠭᠡ ᠴᠢᠳᠠᠮᠵᠢ ᠶᠢᠨ ᠲᠠᠰᠤᠭ ᠪᠦᠷᠢᠨ ᠭᠦᠢᠴᠡᠳ ᠪᠠᠶᠢᠯ᠎ᠠ᠃ ᠦᠢᠯᠡᠳᠪᠦᠷᠢ ᠶᠢᠨ

ᠲᠠᠰᠤᠭ ᠲᠤ᠂ ᠮᠠᠰᠢᠨ ᠲᠥᠬᠦᠭᠡᠷᠦᠮᠵᠢ ᠶᠢᠨ ᠬᠦᠩᠭᠢᠨᠡᠮ᠎ᠡ ᠳᠠᠭᠤᠨ ᠲᠠᠰᠤᠷᠠᠯᠲᠠ ᠦᠭᠡᠢ ᠰᠣᠨᠣᠰᠳᠠᠵᠤ᠂ ᠠᠵᠢᠯᠴᠢᠳ

ᠴᠠᠭᠠᠨ ᠢᠳᠡᠭᠡ ᠦᠢᠯᠡᠳᠪᠦᠷᠢᠯᠡᠬᠦ ᠪᠠᠷ ᠶᠠᠭᠠᠷᠠᠵᠤ᠂ ᠥᠳᠬᠡᠨ ᠰᠠᠶᠢᠬᠠᠨ ᠠᠩᠬᠢᠯᠤᠮ᠎ᠠ ᠰᠦ ᠶᠢᠨ ᠦᠨᠦᠷ ᠪᠦᠬᠦ

ᠦᠢᠯᠡᠳᠪᠦᠷᠢ ᠶᠢᠨ ᠲᠠᠰᠤᠭ ᠢᠶᠠᠷ ᠪᠢᠯᠬᠠᠵᠤ᠂ ᠦᠢᠯᠡᠳᠬᠦᠨ ᠤ ᠦᠵᠡᠭᠦᠯᠭᠡ ᠶᠢᠨ ᠬᠤᠷᠭᠤᠨ ᠳᠠᠬᠢ 10 ᠭᠠᠷᠤᠢ

ᠵᠦᠢᠯ ᠤᠨ ᠴᠠᠭᠠᠨ ᠢᠳᠡᠭᠡᠨ ᠤ ᠪᠦᠲᠦᠭᠡᠭᠳᠡᠬᠦᠨ ᠨᠢ ᠬᠡᠯᠪᠡᠷᠢ ᠳᠦᠷᠰᠦ ᠪᠠ ᠥᠩᠭᠡ ᠲᠦᠷᠬᠦ   ᠨᠢ ᠭᠦᠮᠤᠰ ᠤᠨ

ᠰᠢᠯᠦᠰᠦ ᠶᠢ ᠭᠤᠭᠤᠵᠢᠭᠤᠯᠤᠮᠠᠷ ᠪᠠᠶᠢᠯ᠎ᠠ᠃  

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠷᠦ᠋ ᠴᠢᠤᠸᠠᠨ ᠴᠠᠭᠠᠨ ᠢᠳᠡᠭᠡᠨ ᠪᠣᠯᠪᠠᠰᠤᠷᠠᠭᠤᠯᠬᠤ

ᠦᠢᠯᠡᠳᠪᠦᠷᠢ ᠨᠢ ᠲᠣᠰ ᠭᠠᠵᠠᠷ ᠤᠨ ᠴᠢᠨᠠᠷ ᠰᠠᠶᠢᠲᠠᠶ ᠰᠦ ᠶᠢᠨ ᠢᠷᠡᠯᠲᠡ ᠳᠤ ᠲᠦᠰᠢᠭᠯᠡᠨ᠂ ᠴᠠᠬᠠᠷ ᠪᠠᠷᠠᠭᠤᠨ

ᠭᠠᠷᠤᠨ ᠳᠤᠮᠳᠠᠳᠤ ᠬᠤᠰᠢᠭᠤᠨ ᠳᠤ ᠬᠠᠷᠢᠶᠠᠯᠠᠭᠳᠠᠬᠤ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠶᠢ

ᠪᠠᠶᠢᠭᠤᠯᠪᠠ᠃ 2023 ᠣᠨ ᠳᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ

ᠰᠠᠶᠢᠨ ᠠᠵᠠ ᠲᠣᠬᠢᠶᠠᠯ ᠳᠤ ᠲᠦᠰᠢᠭᠯᠡᠨ᠂ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠳᠤ ᠲᠡᠰ

ᠳᠡᠪᠰᠢᠭᠦᠯᠦᠨ ᠥᠭᠡᠷᠡᠴᠢᠯᠡᠵᠦ᠂ ᠰᠢᠨ᠎ᠡ ᠲᠥᠬᠦᠭᠡᠷᠦᠮᠵᠢ ᠶᠢ ᠣᠷᠣᠭᠤᠯᠵᠤ᠂ ᠦᠢᠯᠡᠳᠪᠦᠷᠢᠯᠡᠯ ᠤᠨ ᠬᠡᠪᠴᠢᠶ᠎ᠡ ᠶᠢ

ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠭᠠᠷᠤᠯᠲᠠ᠂ ᠦᠢᠯᠡᠳᠬᠦᠨ ᠤ ᠦᠷᠳᠡᠭ ᠢ

ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ᠣᠳᠣᠬᠠᠨ ᠳᠤ ᠦᠢᠯᠡᠳᠪᠦᠷᠢ ᠡᠳᠦᠷ ᠲᠤ 2 ᠲᠣᠨ ᠰᠢᠬᠠᠮ ᠰᠦ

ᠦᠢᠯᠡᠳᠪᠦᠷᠢᠯᠡᠵᠦ᠂ ᠦᠢᠯᠡᠳᠪᠦᠷᠢᠯᠡᠭᠰᠡᠨ ᠴᠠᠭᠠᠨ ᠢᠳᠡᠭᠡᠨ ᠳᠤ ᠬᠤᠷᠤᠳ᠂ ᠥᠷᠥᠮ᠎ᠡ᠂  ᠲᠤᠯᠭ᠎ᠠ ᠴᠠᠢ᠂

ᠡᠭᠡᠳᠡᠭᠰᠡᠨ ᠰᠦ ᠵᠡᠷᠭᠡ ᠲᠥᠷᠥᠯ ᠵᠦᠢᠯ ᠪᠠᠭᠲᠠᠨ᠎ᠠ᠃

     ︽ᠷᠦ᠋ ᠴᠢᠤᠸᠠᠨ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠨᠢ ᠦᠢᠯᠡᠳᠬᠦᠨ ᠤ ᠶᠠᠰᠤ ᠴᠢᠨᠠᠷ᠂

ᠦᠨᠦᠷ ᠠᠮᠲᠠ᠂ ᠢᠳᠡᠭᠡᠨ ᠤ ᠠᠮᠤᠷ ᠲᠦᠪᠰᠢᠨ ᠪᠠ ᠨᠠᠷᠠᠲᠤ ᠲᠥᠷᠥᠯ ᠲᠡᠮᠳᠡᠭᠲᠦ ᠶᠢ ᠲᠡᠭᠦᠯᠳᠡᠷᠵᠢᠭᠦᠯᠬᠦ ᠳᠡᠭᠡᠷ᠎ᠡ

ᠦᠷᠭᠦᠯᠵᠢᠯᠡᠨ ᠬᠦᠴᠦ ᠲᠠᠯᠪᠢᠵᠤ᠂ ᠪᠢᠳᠡ ᠪᠠᠰᠠ ᠡᠨᠡ ᠰᠠᠭᠤᠷᠢᠨ ᠳᠡᠭᠡᠷ᠎ᠡ ᠰᠢᠨ᠎ᠡ ᠲᠥᠬᠦᠭᠡᠷᠦᠮᠵᠢ ᠶᠢ ᠣᠷᠣᠭᠤᠯᠤᠨ

ᠠᠪᠴᠢᠷᠠᠵᠤ᠂ ᠴᠠᠭᠠᠨ ᠢᠳᠡᠭᠡᠨ ᠤ ᠤᠤᠯ ᠦᠨᠦᠷ ᠢ ᠬᠠᠳᠠᠭᠠᠯᠠᠬᠤ ᠶᠢᠨ ᠬᠠᠮᠲᠤ ᠮᠧᠬᠠᠨᠢᠭᠵᠢᠭᠤᠯᠤᠨ᠎ᠠ︾  ᠭᠡᠵᠦ

ᠴᠠᠬᠠᠷ ᠪᠠᠷᠠᠭᠤᠨ ᠭᠠᠷᠤᠨ ᠳᠤᠮᠳᠠ ᠬᠤᠰᠢᠭᠤᠨ ᠤ  ᠷᠦ᠋ ᠴᠢᠤᠸᠠᠨ ᠴᠠᠭᠠᠨ ᠢᠳᠡᠭᠡ ᠪᠣᠯᠪᠠᠰᠤᠷᠠᠭᠤᠯᠬᠤ

ᠦᠢᠯᠡᠳᠪᠦᠷᠢ ᠶᠢᠨ ᠬᠠᠷᠢᠭᠤᠴᠠᠯᠭᠠᠲᠠᠨ ᠵᠠᠩ ᠰᠢᠶᠠᠩ ᠳ᠋ᠦᠡᠭ  ᠭᠡᠯᠡᠪᠡ᠃

     ᠪᠣᠯᠪᠠᠰᠤᠷᠠᠭᠤᠯᠬᠤ ᠦᠢᠯᠡᠳᠪᠦᠷᠢ ᠶᠢᠨ ᠶᠡᠬᠡᠩᠬᠢ ᠪᠣᠷᠣᠯᠠᠭᠤᠯᠤᠯᠲᠠ ᠶᠢᠨ ᠬᠡᠮᠵᠢᠶ᠎ᠡ ᠨᠢ ᠵᠠᠬᠢᠶᠠᠯᠠᠭ᠎ᠠ ᠶᠢᠨ

ᠬᠠᠭᠤᠳᠠᠰᠤ ᠪᠠᠶᠢᠵᠤ᠂ ᠤᠯᠠᠮᠵᠢᠯᠠᠯᠲᠤ ᠭᠠᠷ ᠤᠷᠠᠯᠠᠯ ᠢ ᠬᠡᠷᠡᠭᠯᠡᠭᠰᠡᠨ ᠠᠴᠠ ᠤᠯᠠᠮᠵᠢᠯᠠᠯᠲᠤ ᠴᠠᠭᠠᠨ ᠢᠳᠡᠭᠡᠨ ᠤ ᠤᠤᠯ

ᠦᠨᠦᠷ ᠠᠮᠲᠠ ᠶᠢ ᠬᠠᠳᠠᠭᠠᠯᠠᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂

ᠪᠠᠷᠤᠭ ᠬᠠᠩᠭᠠᠯᠭ᠎ᠠ ᠬᠡᠷᠡᠭᠴᠡᠭᠡ ᠳᠡᠭᠡᠨ ᠬᠦᠷᠬᠦ ᠦᠭᠡᠢ ᠪᠣᠯᠪᠠ᠃ ᠣᠳᠣᠬᠠᠨ ᠳᠤ᠂ ᠪᠣᠯᠪᠠᠰᠤᠷᠠᠭᠤᠯᠬᠤ ᠭᠠᠵᠠᠷ

ᠨᠢᠭᠡᠨᠲᠡ ᠡᠷᠬᠢᠨ ᠲᠣᠭᠤᠷᠢᠨ ᠤ ᠲᠣᠰ ᠭᠠᠵᠠᠷ ᠤᠨ ᠲᠣᠰᠬᠤᠨ ᠤ ᠠᠷᠠᠳ ᠲᠤ ᠠᠵᠢᠯ ᠣᠯᠭᠤᠪᠠ᠃ ︽ᠪᠢ ᠪᠣᠯ ᠷᠦ᠋

ᠴᠢᠤᠸᠠᠨ ᠲᠣᠰᠬᠤᠨ ᠤ ᠠᠷᠠᠳ ᠪᠣᠯᠤᠨ᠎ᠠ᠂ ᠪᠣᠯᠪᠠᠰᠤᠷᠠᠭᠤᠯᠬᠤ ᠦᠢᠯᠡᠳᠪᠦᠷᠢ ᠠᠵᠢᠯ ᠡᠬᠢᠯᠡᠭᠰᠡᠨ ᠠᠴᠠ ᠨᠠᠰᠢ᠂

ᠠᠳᠡ ᠬᠥᠯᠥᠰᠥᠨ ᠠᠵᠢᠯ ᠬᠢᠵᠦ ᠪᠠᠶᠢᠨ᠎ᠠ︾ ᠭᠡᠵᠦ  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ  ᠷᠦ᠋

ᠴᠢᠤᠸᠠᠨ ᠲᠣᠰᠬᠤᠨ ᠤ ᠠᠷᠠᠳ ᠭᠦᠸᠧ ᠯᠢ ᠵᠧᠨ  ᠶᠠᠷᠢᠪᠠ᠃

     ᠤᠶᠢᠷ᠎ᠠ ᠶᠢᠨ ᠵᠢᠯ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠣᠷᠣᠨ ᠪᠠᠶᠢᠷᠢ ᠶᠢᠨ

ᠳᠠᠪᠠᠭᠤᠯᠢᠭ ᠲᠠᠭᠠᠨ ᠰᠠᠭᠤᠷᠢᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠴᠠᠭᠠᠨ

ᠢᠳᠡᠭᠡᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂

ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂

ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠡᠳᠬᠢᠴᠡ ᠠᠷᠭ᠎ᠠ

ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠵᠦ

ᠡᠳ᠋ᠰᠢᠭᠦᠯᠬᠦ ᠦᠢᠯᠡᠳᠪᠦᠷᠢ ᠶᠢᠨ ᠲᠠᠰ ᠳᠡᠪᠰᠢᠬᠦ ᠶᠢ ᠬᠥᠲᠥᠯᠦᠨ ᠵᠢᠯᠣᠭᠤᠳᠴᠤ ᠲᠡᠳᠬᠦᠨ ᠳᠡᠮᠵᠢᠵᠦ᠂ ᠤᠯᠠᠮᠵᠢᠯᠠᠯᠲᠤ

ᠴᠠᠭᠠᠨ ᠢᠳᠡᠭᠡᠨ ᠤ ᠪᠦᠲᠦᠭᠡᠭᠳᠡᠬᠦᠨ ᠢ ᠠᠯᠬᠤᠮ ᠠᠯᠬᠤᠮ ᠢᠶᠠᠷ ᠪᠠᠷᠢᠮᠵᠢᠶᠠᠵᠢᠭᠤᠯᠤᠨ ᠬᠡᠪᠴᠢᠶᠡᠵᠢᠭᠦᠯᠵᠦ᠂ ᠴᠠᠭᠠᠨ

ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠪᠠᠷ ᠬᠥᠳᠡᠭᠡ ᠲᠣᠰᠬᠤᠨ ᠤ ᠰᠦ ᠶᠢᠨ ᠠᠵᠤ ᠦᠢᠯᠡᠰ ᠢ ᠳᠠᠶᠢᠴᠢᠯᠠᠵᠤ᠂

ᠤᠯᠠᠮᠵᠢᠯᠠᠯᠲᠤ ᠴᠠᠭᠠᠨ ᠢᠳᠡᠭᠡᠨ ᠤ ᠦᠨᠦᠷ ᠠᠮᠲᠠ ᠶᠢ ᠳᠥᠷᠪᠡᠨ ᠵᠦᠭ ᠨᠠᠢᠮᠠᠨ ᠵᠤᠪᠭᠢᠰ ᠲᠤ ᠲᠠᠷᠬᠠᠭᠠᠪᠠ᠃

        ᠵᠣᠬᠢᠶ᠋ᠬᠠᠴᠢ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号