ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠬᠠᠪᠤᠷ ᠤᠨ ᠬᠦᠯᠡᠮᠵᠢ ᠶᠢᠨ ᠴᠢᠬᠢ ᠪᠣᠶᠢᠵᠢᠭᠤᠯᠬᠤ ᠪᠠᠷ ᠶᠠᠭᠠᠷᠠᠯᠳᠣᠵᠦ ᠪᠣᠢ
ᠨᠡᠶᠢᠲᠡᠯᠡᠭᠰᠡᠨ ᠴᠠᠭ᠄
2024/3/6
           ᠣᠳᠣ ᠶᠠᠭ ᠰᠠᠶ᠋ᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠣᠯᠵᠤ᠂ ᠡᠷᠲᠡ ᠠᠴᠠ ᠠᠷᠭ᠎ᠠ ᠰᠦᠪᠡᠭᠴᠢᠯᠡᠵᠦ᠂ ᠡᠷᠲᠡ ᠠᠴᠠ ᠲᠣᠬᠢᠷᠠᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠲᠠᠷᠢᠶᠠᠯᠠᠩ ᠤᠨ ᠴᠠᠭ ᠢ ᠠᠮᠵᠢᠨ ᠴᠢᠬᠢ ᠪᠤᠶᠢᠵᠢᠭᠤᠯᠵᠤ ᠬᠠ᠊‍ᠮᠢᠶᠠᠷᠤᠨ ᠬᠠᠮᠠᠭᠠᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠶᠠᠭᠠᠷᠠᠯᠳᠣᠵᠦ ᠪᠠᠶᠢᠨ᠎ᠠ᠃

      ᠶᠤᠸᠠᠨ ᠱᠠᠨ ᠽᠢ ᠲᠣᠰᠬᠤᠨ ᠤ ᠢᠳᠡᠰᠢᠨ ᠨᠣᠭᠤᠭ᠎ᠠ ᠶᠢᠨ ᠬᠦᠯᠡᠮᠵᠢ ᠳᠤ ᠣᠷᠣᠬᠤ ᠳᠤ᠂  ᠠᠵᠢᠯᠴᠢᠳ

ᠶᠠᠭᠠᠷᠠᠯᠳᠣᠵᠦ᠂ ᠲᠠᠷᠢᠶᠠᠴᠢᠨ ᠡᠷᠦᠬᠡ ᠴᠢᠬᠢ ᠪᠤᠶᠢᠵᠢᠭᠤᠯᠬᠤ ᠠᠵᠢᠯ ᠢ ᠡᠮᠬᠢ ᠴᠡᠭᠴᠡ ᠲᠠᠢ ᠥᠷᠨᠢᠭᠦᠯᠵᠦ᠂ ᠰᠢᠨ᠎ᠡ

ᠨᠢᠭᠡ ᠵᠢᠯ ᠤᠨ ᠴᠢᠬᠢ ᠪᠤᠶᠢᠵᠢᠭᠤᠯᠬᠤ ᠠᠵᠢᠯ ᠢ ᠡᠬᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ

ᠭᠦᠢᠴᠡᠳ ᠪᠡᠯᠡᠳᠬᠡᠯ ᠬᠢᠵᠦ ᠪᠠᠶᠢᠯ᠎ᠠ᠃ ᠬᠤᠯᠠ ᠶᠢ ᠬᠠᠷᠠᠬᠤ ᠳᠤ᠂ ᠨᠢᠭᠡ ᠲᠠᠪᠠᠭ ᠲᠥᠪᠡᠳ ᠬᠠᠰᠢ ᠶᠢᠨ ᠴᠢᠬᠢ᠂

ᠥᠷᠭᠡᠰᠦᠲᠦ ᠬᠡᠮᠬᠡ ᠶᠢᠨ ᠴᠢᠬᠢ᠂ ᠬᠠᠰᠢ ᠶᠢᠨ ᠴᠢᠬᠢ ᠶᠢᠨ ᠤᠷᠭᠤᠴᠠ ᠨᠢ ᠬᠥᠮᠦᠨ ᠢ ᠪᠠᠶᠠᠰᠬᠠᠨ᠂

ᠪᠤᠶᠢᠵᠢᠭᠤᠯᠤᠭᠰᠠᠨ ᠢᠳᠡᠰᠢᠨ ᠨᠣᠭᠤᠭ᠎ᠠ ᠶᠢᠨ ᠴᠢᠬᠢ ᠨᠢ ᠡᠪᠡᠳᠴᠢᠨ ᠢ ᠡᠰᠡᠷᠭᠦᠴᠡᠬᠦ ᠴᠢᠨᠠᠷ ᠢᠶᠠᠷ ᠴᠢᠩᠭ᠎ᠠ᠂

ᠬᠠᠮᠢᠶᠠᠷᠤᠯᠲᠠ ᠳᠤ ᠰᠠᠶᠢᠨ᠂ ᠤᠨᠠᠯᠲᠠ ᠨᠢ ᠥᠨᠳᠥᠷ ᠪᠠᠶᠢᠳᠠᠭ᠃

       ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ

ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠬᠤ᠋ ᠷᠦᠢ ᠹᠧᠩ᠄ ᠣᠶᠢᠷ᠎ᠠ ᠶᠢᠨ ᠵᠢᠯ ᠳᠤ᠂

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠲᠤᠬᠠᠶ ᠶᠢᠨ ᠭᠠᠵᠠᠷ ᠤᠨ ᠪᠠᠶᠢᠭᠠᠯᠢ ᠶᠢᠨ ᠠᠭᠤᠷ ᠠᠮᠢᠰᠬᠤᠯ ᠤᠨ

ᠨᠥᠬᠦᠴᠡᠯ ᠢᠶᠠᠨ ᠦᠨᠳᠦᠰᠦᠯᠡᠨ᠂ ᠬᠦᠢᠲᠡᠨ ᠠᠮᠤ ᠢᠳᠡᠰᠢᠨ ᠨᠣᠭᠤᠭ᠎ᠠ ᠶᠢᠨ ᠣᠨᠴᠠᠯᠢᠭᠲᠤ ᠠᠵᠤ ᠦᠢᠯᠡᠰ ᠢ ᠶᠡᠬᠡᠪᠡᠷ

ᠬᠥᠭᠵᠢᠭᠦᠯᠵᠦ᠂ ᠪᠥᠬᠦ ᠬᠤᠰᠢᠭᠤᠨ ᠤ ᠬᠦᠢᠲᠡᠨ ᠠᠮᠤ ᠢᠳᠡᠰᠢᠨ ᠨᠣᠭᠤᠭ᠎ᠠ ᠶᠢᠨ ᠵᠢᠯ ᠤᠨ ᠳᠠᠷᠢᠬᠤ ᠲᠠᠯᠠᠪᠠᠶ ᠶᠢ 8

ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠬᠦᠢᠲᠡᠨ ᠠᠮᠤ ᠢᠳᠡᠰᠢᠨ ᠨᠣᠭᠤᠭ᠎ᠠ ᠨᠢᠭᠡᠨᠲᠡ

ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃

ᠣᠳᠣᠬᠠᠨ ᠳᠤ᠂ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ ᠡᠷᠲᠡ ᠠᠴᠠ ᠠᠷᠭ᠎ᠠ ᠰᠦᠪᠡᠭᠴᠢᠯᠡᠵᠦ᠂ ᠴᠢᠩᠭ᠎ᠠ ᠠᠳᠬᠤᠵᠤ᠂ ᠪᠣᠳᠠᠲᠠᠶ ᠠᠳᠬᠤᠵᠤ᠂

ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠨᠠᠷᠢᠯᠢᠭ ᠠᠳᠬᠤᠵᠤ᠂ ᠠᠵᠤ ᠦᠢᠯᠡᠰ ᠤᠨ ᠶᠠᠰᠤ

ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠥᠬᠡᠶ ᠠᠬᠢᠭᠤᠯᠵᠤ᠂ ᠣᠲᠣ ᠪᠣᠯᠲᠠᠯ᠎ᠠ᠂

ᠡᠯ᠎ᠡ  ᠵᠦᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠨᠢᠭᠡᠨᠲᠡ ᠪᠡᠯᠡᠬᠡᠨ ᠪᠣᠯᠪᠠ᠃

           ᠰᠣᠷᠪᠣᠯᠵᠢᠯᠬᠠᠴᠢ᠄  ᠵᠠᠩ ᠵᠢᠤᠸᠠᠨ    ᠭᠤᠤ ᠸᠧᠢ      ᠭᠤᠤ ᠵᠢᠶᠠ ᠴᠢ  

           ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号