ᠴᠠᠬᠠᠷ ᠪᠠᠷᠠᠭᠤᠨ ᠭᠠᠷᠤᠨ ᠳᠤᠮᠳᠠᠳᠤ᠄ ᠰᠢᠨ᠎ᠡ ᠰᠣᠷᠣᠯᠭ᠎ᠠ ᠶᠢᠨ ᠬᠤᠭᠤᠴᠠᠭ᠎ᠠ ᠰᠢᠨᠬᠤᠸᠠ ᠨᠣᠮ ᠤᠨ ᠲᠡᠯᠭᠡᠬᠦᠷ ︽ᠨᠣᠮ ᠪᠢᠴᠢᠭ ᠪᠡᠯᠡᠳᠭᠡᠵᠦ︾ ᠶᠠᠭᠠᠷᠠᠯᠳᠡᠢ ᠪᠠᠶᠢᠨ᠎ᠠ
ᠨᠡᠶᠢᠲᠡᠯᠡᠭᠰᠡᠨ ᠴᠠᠭ᠄
2024/3/6
                ᠰᠢᠨ᠎ᠡ ᠰᠣᠷᠣᠯᠭ᠎ᠠ ᠶᠢᠨ ᠬᠤᠭᠤᠴᠠᠭ᠎ᠠ ᠡᠬᠢᠯᠡᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠤᠭᠴᠢᠳ ᠨᠣᠮ ᠪᠢᠴᠢᠭ ᠢᠶᠠᠨ ᠪᠡᠯᠡᠳᠭᠡᠵᠦ᠂ ᠰᠢᠨᠬᠤᠸᠠ ᠨᠣᠮ ᠤᠨ ᠲᠡᠯᠭᠡᠭᠦᠷ ᠲᠤ ᠨᠣᠮ ᠤᠩᠰᠢᠬᠤ ᠪᠠᠷ ᠴᠤᠪᠤᠷᠠᠯᠳᠤᠨ᠎ᠠ᠃

     ᠰᠢᠨᠬᠤᠸᠠ ᠨᠣᠮ ᠤᠨ ᠳᠡᠯᠭᠡᠭᠦᠷ ᠲᠤ ᠣᠷᠣᠬᠤ ᠳᠤ᠂ ᠡᠯ᠎ᠡ ᠲᠥᠷᠥᠯ ᠤᠨ ᠵᠢᠭᠠᠨ ᠰᠤᠷᠭᠠᠯᠲᠠ ᠶᠢᠨ

ᠬᠠᠪᠰᠤᠷᠤᠨ ᠵᠢᠯᠣᠭᠤᠳᠬᠤ ᠨᠣᠮ ᠪᠢᠴᠢᠭ ᠨᠢ ᠣᠨ᠂ ᠬᠢᠴᠢᠶᠡᠯ ᠲᠥᠷᠥᠯ ᠢᠶᠠᠷ ᠨᠢ ᠲᠥᠷᠥᠯ ᠬᠤᠪᠢᠶᠠᠨ ᠲᠡᠷᠢ ᠲᠡᠭᠰᠢ

ᠲᠠᠯᠪᠢᠨᠨᠳᠠᠵᠦ᠂ ᠮᠠᠰᠢ ᠣᠯᠠᠨ ᠪᠢᠴᠢᠬᠠᠨ ᠨᠠᠶᠢᠵᠠ ᠭᠡᠷ ᠤᠨ ᠠᠬᠠᠮᠠᠳ ᠤᠨ ᠳᠠᠭᠠᠭᠤᠯᠭ᠎ᠠ ᠳᠣᠤᠷ᠎ᠠ᠂ ᠭᠤᠶᠤ ᠰᠠᠶᠢᠬᠠᠨ

ᠵᠢᠷᠤᠭ ᠪᠠ ᠳᠤᠷ᠎ᠠ ᠰᠣᠨᠢᠷᠬᠠᠯ ᠤᠨ ᠦᠰᠦᠭ ᠪᠦᠬᠦᠢ ᠬᠢᠴᠢᠶᠡᠯ ᠤᠨ ᠭᠠᠳᠠᠨᠠᠬᠢ ᠨᠣᠮ ᠪᠢᠴᠢᠭ ᠤᠨ ᠲᠣᠭᠤᠷᠢᠭ ᠲᠤ

ᠴᠤᠭᠯᠠᠷᠠᠵᠤ᠂ ᠡᠰᠡᠬᠦᠯ᠎ᠡ ᠵᠢᠷᠤᠭᠲᠤ ᠳᠡᠪᠲᠡᠷ ᠢ ᠰᠢᠯᠢᠨ ᠰᠣᠩᠭᠤᠬᠤ ᠪᠤᠶᠤ ᠨᠠᠷᠢᠨ ᠬᠢᠨᠠᠮᠠᠭᠠᠶ ᠤᠩᠰᠢᠵᠤ ᠪᠠᠶᠢᠨ᠎ᠠ᠃

ᠬᠤᠳᠠᠯᠳᠤᠨ ᠠᠪᠴᠤ ᠪᠠᠶᠢᠭᠰᠠᠨ ᠵᠦ ᠠᠪᠠᠭ᠋ᠠᠶ ᠰᠤᠷᠪᠤᠯᠵᠢᠯᠠᠭᠴᠢ ᠳᠤ ᠬᠡᠯᠡᠬᠦ ᠳᠡᠭᠡᠨ᠂ ᠵᠢᠯ ᠪᠦᠷᠢ ᠰᠤᠷᠭᠠᠭᠤᠯᠢ

ᠡᠬᠢᠯᠡᠬᠦ ᠠᠴᠠ ᠡᠮᠦᠨ᠎ᠡ᠂ ᠲᠡᠷᠡ ᠬᠡᠦᠬᠡᠳ ᠲᠡᠭᠡᠨ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠬᠤ ᠨᠣᠮ

ᠬᠤᠳᠠᠯᠳᠤᠨ ᠠᠪᠴᠤ ᠥᠭᠴᠦ᠂ ᠬᠡᠦᠬᠡᠳ ᠲᠠᠢ ᠬᠠᠮᠲᠤ ᠤᠷᠢᠳᠴᠢᠯᠠᠨ ᠰᠤᠷᠴᠤ ᠪᠠᠶᠢᠨ᠎ᠠ ᠭᠡᠵᠡᠶ᠃ ︽ᠰᠤᠷᠭᠠᠭᠤᠯᠢ

ᠡᠬᠢᠯᠡᠯ᠎ᠡ᠂ ᠪᠢ ᠬᠡᠦᠬᠡᠳ ᠲᠠᠢ ᠪᠠᠨ ᠬᠠᠮᠲᠤ ᠨᠣᠮ ᠤᠨ ᠳᠡᠯᠭᠡᠭᠦᠷ ᠲᠤ ᠢᠷᠡᠵᠦ ᠡᠨᠡ ᠬᠤᠭᠤᠴᠠᠭ᠎ᠠ ᠬᠡᠦᠬᠡᠳ ᠲᠤ

ᠲᠣᠬᠢᠷᠠᠭᠰᠠᠨ ᠨᠣᠮ ᠬᠤᠳᠠᠯᠳᠤᠨ ᠠᠪᠴᠤ᠂ ᠬᠡᠦᠬᠡᠳ ᠪᠠᠰᠠ ᠥᠪᠡᠷ ᠤᠨ ᠳᠤᠷᠠᠲᠠᠢ ᠨᠣᠮ ᠢᠶᠠᠨ ᠰᠣᠩᠭᠤᠵᠠᠢ᠂

ᠢᠩᠭᠢᠪᠡᠯ ᠪᠠᠰᠠ ᠲᠡᠭᠦᠨ ᠤ ᠨᠣᠮ ᠣᠩᠰᠢᠬᠤ ᠲᠠᠳᠬᠠᠯ ᠢ ᠬᠥᠮᠦᠵᠢᠭᠦᠯᠵᠦ ᠴᠢᠳᠠᠨ᠎ᠠ︾ ᠭᠡᠪᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠤᠨ ᠬᠤᠳᠠᠯᠳᠤᠭᠠᠴᠢᠨ

ᠰᠢᠶᠠᠩ ᠪᠸᠢ ᠴᠧᠨ᠄ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠪᠣᠯ

ᠲᠥᠷᠥᠯ ᠵᠦᠢᠯ ᠬᠠᠮᠤᠭ ᠤᠨ ᠪᠦᠷᠢᠨ᠂ ᠬᠡᠪᠴᠢᠶ᠎ᠡ ᠪᠠᠷ ᠬᠠᠮᠤᠭ ᠤᠨ ᠶᠡᠭᠡ ᠪᠣᠳᠠᠲᠤ ᠴᠣᠭᠴᠠᠲᠤ ᠨᠣᠮ ᠤᠨ

ᠳᠡᠯᠭᠡᠭᠦᠷ ᠤᠨ ᠨᠢᠭᠡ ᠪᠣᠯᠤᠨ᠎ᠠ᠂ ᠣᠳᠣᠬᠠᠨ ᠳᠤ 5000 ᠭᠠᠷᠤᠶ ᠵᠦᠢᠯ ᠤᠨ ᠨᠣᠮ ᠪᠢᠴᠢᠭ ᠢ ᠬᠤᠳᠠᠯᠳᠤᠵᠤ

ᠪᠠᠶᠢᠨ᠎ᠠ᠃ ᠰᠢᠨᠬᠤᠸᠠ ᠨᠣᠮ ᠤᠨ ᠳᠡᠯᠭᠡᠭᠦᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ

ᠤᠶᠠᠯᠳᠤᠭᠤᠯᠬᠤ ᠠᠷᠭ᠎ᠠ ᠬᠡᠯᠪᠡᠷᠢ ᠪᠠᠷ  ᠨᠣᠮ ᠪᠢᠴᠢᠭ ᠪᠣᠷᠣᠯᠠᠭᠤᠯᠵᠦ ᠪᠠᠶᠢᠨ᠎ᠠ᠃ ᠰᠤᠷᠭᠠᠭᠤᠯᠢ ᠡᠬᠢᠯᠡᠯ᠎ᠡ᠂ ᠣᠷᠴᠢᠮ

ᠬᠡᠦᠬᠡᠳ ᠢᠶᠠᠨ ᠳᠠᠭᠠᠭᠤᠯᠵᠤ ᠨᠣᠮ ᠬᠤᠳᠠᠯᠳᠤᠨ ᠠᠪᠬᠤ ᠪᠠᠷ ᠢᠷᠡᠵᠦ ᠪᠠᠶᠢᠭ᠎ᠠ ᠬᠥᠮᠥᠨ ᠣᠯᠠᠨ᠂ ᠢᠯᠠᠩᠭᠤᠶ᠎ᠠ

ᠭᠠᠷᠠᠭ ᠤᠨ ᠡᠳᠦᠷ ᠪᠣᠯᠣᠨ᠎ᠠ᠃ ᠣᠳᠣᠬᠠᠨ ᠳᠤ ᠨᠡᠯᠢᠶᠡᠳ ᠪᠣᠷᠣᠯᠠᠭᠤᠯᠭ᠎ᠠ ᠰᠠᠶᠢᠲᠠᠶ ᠪᠠᠶᠢᠬᠤ ᠨᠢ ᠬᠡᠤᠬᠡᠳ ᠤᠨ

ᠬᠢᠴᠢᠶᠡᠯ ᠤᠨ ᠭᠠᠳᠠᠨᠠᠬᠢ ᠤᠩᠰᠢᠬᠤ ᠨᠣᠮ ᠪᠢᠴᠢᠭ ᠪᠣᠯᠤᠨ᠎ᠠ᠂ ᠡᠨᠡ ᠲᠥᠷᠥᠯ ᠤᠨ ᠨᠣᠮ ᠪᠢᠴᠢᠭ ᠤᠨ ᠬᠡᠷᠡᠭᠴᠡᠭᠡ

ᠨᠡᠯᠢᠶᠡᠳ ᠶᠡᠭᠡ ᠪᠠᠶᠢᠨ᠎ᠠ᠃

     ᠣᠶᠢᠯᠠᠭᠠᠭᠰᠠᠨ ᠢᠶᠠᠷ᠂ ᠤᠩᠰᠢᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠨᠣᠮ ᠤᠩᠰᠢᠬᠤ ᠳᠤᠷᠠᠲᠠᠶ᠂

ᠨᠣᠮ ᠤᠩᠰᠢᠬᠤ ᠳᠠᠭᠠᠨ ᠴᠢᠳᠠᠮᠠᠭᠠᠶ᠂ ᠰᠠᠶᠢᠨ ᠨᠣᠮ ᠤᠩᠰᠢᠬᠤ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢᠨ

ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠤᠩᠰᠢᠬᠤ ᠳᠤ

ᠲᠥᠬᠦᠮ ᠰᠠᠭᠤᠳᠠᠯ ᠭᠠᠷᠭᠠᠵᠤ᠂ ᠤᠩᠰᠢᠭᠴᠢᠳ ᠲᠤ ᠲᠥᠬᠦᠮ ᠦᠵᠡᠭᠦᠯᠪᠡ᠃ ᠨᠣᠮ ᠤᠨ ᠳᠡᠯᠭᠡᠭᠦᠷ ᠴᠠᠭ ᠤᠨ

ᠪᠠᠶᠢᠳᠠᠯ ᠤᠨ ᠬᠠᠯᠠᠮᠰᠢᠯ ᠴᠡᠭ ᠢ ᠦᠨᠳᠦᠰᠦᠯᠡᠨ᠂ ᠤᠩᠰᠢᠭᠴᠢᠳ ᠤᠨ ᠦᠵᠡᠵᠦ ᠰᠣᠨᠢᠷᠬᠠᠬᠤ ᠳᠤᠷᠠᠲᠠᠶ ᠨᠣᠮ

ᠪᠢᠴᠢᠭ ᠢ ᠬᠤᠳᠠᠯᠳᠤᠨ ᠠᠪᠴᠤ᠂ ᠴᠢᠨᠠᠷ ᠰᠠᠶᠢᠲᠠᠶ ᠤᠩᠰᠢᠯᠭ᠎ᠠ ᠶᠢᠨ ᠠᠭᠤᠯᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ

ᠴᠢᠩᠭᠠᠳᠬᠠᠵᠤ᠂ ᠪᠥᠬᠦ ᠠᠷᠠᠳ ᠤᠨ ᠤᠩᠰᠢᠯᠭ᠎ᠠ ᠶᠢᠨ ᠦᠢᠯᠡᠳᠦᠯ ᠢ ᠪᠠᠳᠠᠷᠠᠭᠤᠯᠬᠤ ᠶᠢ ᠠᠬᠢᠭᠤᠯᠤᠨ᠎ᠠ᠃

   

          ᠰᠣᠷᠪᠣᠯᠵᠢᠯᠬᠠᠴᠢ᠄ ᠸᠠᠩ ᡁᠢ ᠹᠠᠩ    ᠶᠠᠩ ᠸᠧᠨ ᠶᠠᠨ     ᠭᠤᠤ ᠵᠢᠶᠠ ᠴᠢ

          ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号