ᠰᠢᠨ᠎ᠡ ᠰᠤᠷᠤᠯᠭ᠎ᠠ ᠶᠢᠨ ᠬᠤᠭᠤᠴᠠᠭ᠎ᠠ ᠭᠠᠯ ᠣᠨᠳᠠᠷᠭᠠᠬᠤ ᠮᠡᠳᠡᠯᠭᠡ ᠶᠢ ᠰᠣᠷᠭᠠᠭᠤᠯᠢ ᠶᠢᠨ ᠬᠦᠷᠢᠶᠠᠨ ᠳᠤ ᠤᠷᠤᠭᠤᠯᠪᠠ
ᠨᠡᠶᠢᠲᠡᠯᠡᠭᠰᠡᠨ ᠴᠠᠭ᠄
2024/3/6
                            ᠰᠣᠷᠭᠠᠭᠤᠯᠢ ᠶᠢᠨ ᠬᠦᠷᠢᠶᠠᠨ ᠤ ᠪᠠᠭᠰᠢ ᠰᠤᠷᠤᠭᠴᠢᠳ ᠤᠨ ᠭᠠᠯ ᠣᠨᠳᠠᠷᠭᠠᠬᠤ ᠠᠮᠦᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠥ  ᠂ ᠭᠠᠯ ᠤᠨ ᠠᠶᠤᠯ ᠢ ᠰᠡᠷᠬᠡᠶᠢᠯᠡᠬᠦ ᠪᠠ ᠰᠡᠢᠳᠪᠦᠷᠢᠯᠡᠬᠦ ᠴᠢᠳᠠᠪᠦᠷᠢ ᠶᠢ ᠲᠡᠭᠡᠭᠰᠢᠯᠡᠬᠦᠯᠬᠦ ᠶᠢᠨ ᠲᠦᠯᠦᠭᠡ᠂ ᠦᠢᠷ᠎ᠠ ᠳᠤ᠂ ᠴᠠᠬᠠᠷ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠪᠤᠷᠠᠨ ᠲᠤᠰᠠᠯᠠᠬᠤ ᠶᠡᠭᠡ ᠠᠩᠭᠢ ᠴᠠᠬᠠᠷ ᠪᠠᠷᠠᠭᠤᠨ ᠭᠠᠷᠤᠨ ᠲᠤᠮᠳᠠᠳᠦ ᠬᠤᠰᠢᠭᠤᠨ ᠤ ᠬᠤᠶᠠᠳᠤᠭᠠᠷ ᠲᠤᠮᠳᠠᠳᠦ ᠰᠤᠷᠭᠠᠭᠤᠯᠢ ᠳᠤ ᠤᠷᠤᠵᠤ᠂ ᠰᠤᠷᠤᠭᠴᠢᠳ ᠲᠤ ᠭᠠᠯ ᠤᠨᠳᠠᠷᠠᠭᠠᠬᠤ ᠠᠮᠦᠷ ᠲᠦᠪᠰᠢᠨ ᠤ ᠠᠮᠢᠳᠣᠯᠢᠭ ᠬᠢᠴᠢᠶᠠᠯ ᠤᠷᠤᠭᠰᠠᠨ ᠪᠠᠶᠢᠨ᠎ᠠ᠃

     ᠬᠢᠴᠢᠶᠠᠯ ᠲᠡᠭᠡᠷ᠎ᠡ᠂ ᠭᠠᠯ ᠤᠨᠳᠠᠷᠠᠭᠠᠬᠤ ᠠᠩᠭᠢ ᠶᠢᠨ ᠬᠢᠨ ᠰᠤᠷᠤᠭᠴᠢᠳ ᠲᠤ ᠰᠤᠷᠭᠠᠭᠤᠯᠢ ᠶᠢᠨ

ᠬᠦᠷᠢᠶᠠᠨ ᠤ ᠭᠠᠯ ᠤᠨ ᠭᠠᠮᠰᠢᠭ ᠤᠨ ᠭᠤᠣᠯ ᠰᠢᠯᠳᠠᠭᠠᠨ᠂ ᠬᠡᠷᠬᠢᠨ ᠠᠮᠢ ᠵᠢᠭᠤᠳᠠᠬᠤ ᠵᠢᠴᠢ ᠦᠢᠷ᠎ᠠ ᠬᠠᠪᠢ ᠶᠢᠨ

ᠭᠠᠯ ᠤᠨ ᠠᠶᠤᠯ ᠤᠨ ᠳᠠᠯᠳᠠ ᠬᠡᠮ ᠵᠡᠷᠭᠡ ᠶᠢ ᠬᠡᠷᠬᠢᠨ ᠣᠯᠵᠤ ᠮᠡᠳᠡᠬᠦ ᠪᠠ ᠰᠡᠢᠳᠪᠦᠷᠢᠯᠡᠬᠦ ᠲᠤᠬᠠᠢ ᠨᠠᠷᠢᠨ ᠬᠢᠨᠠᠮᠠᠭᠠᠢ

ᠲᠠᠶᠢᠯᠪᠤᠷᠢᠯᠠᠵᠤ᠂ ᠰᠣᠷᠤᠭᠴᠢᠳ ᠲᠤ ᠭᠠᠯ ᠣᠨᠳᠠᠷᠭᠠᠬᠤ ᠠᠮᠦᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ

ᠡᠵᠡᠮᠰᠢᠭᠦᠯᠬᠦ ᠶᠢ ᠠᠬᠢᠭᠤᠯᠬᠤ ᠶᠢᠨ ᠬᠠᠮᠳᠦ ᠪᠠᠰᠠ ᠭᠠᠯ ᠤᠨ ᠠᠶᠤᠯ ᠤᠨ ᠰᠡᠷᠡᠮᠵᠢ ᠶᠢᠨ ᠬᠦᠮᠦᠵᠢᠯ ᠤᠨ ᠹᠢᠯᠢᠮ ᠢ

ᠦᠵᠡᠭᠦᠯᠵᠤ᠂ ︽ᠭᠠᠯ ᠤᠨᠳᠠᠷᠠᠭᠠᠬᠤ ᠠᠮᠦᠷ ᠲᠦᠪᠰᠢᠨ ᠤ ᠬᠦᠮᠦᠵᠢᠯ ᠤᠨ  ᠭᠠᠷ ᠲᠡᠪᠳᠡᠷ︾ ᠢ ᠲᠠᠷᠬᠠᠭᠠᠪᠠ᠃

ᠰᠣᠷᠣᠭᠴᠢᠳ ᠹᠢᠯᠢᠮ ᠢ ᠨᠠᠷᠢᠨ ᠬᠢᠨᠠᠮᠠᠭᠠᠢ ᠦᠵᠡᠵᠣ᠂ ᠭᠠᠷ ᠲᠡᠪᠲᠡᠷ ᠢ ᠣᠩᠰᠢᠬᠤ ᠪᠠᠷ ᠳᠠᠮᠵᠢᠨ᠂ ᠪᠦᠬᠦᠶᠢᠯᠡ ᠭᠠᠯ

ᠣᠨᠳᠠᠷᠭᠠᠬᠤ ᠬᠢᠴᠢᠶᠠᠯ ᠬᠥᠷ ᠨᠠᠷᠬᠢᠶᠠᠨ ᠲᠠᠢ᠂ ᠰᠤᠨᠢᠷᠬᠠᠯᠲᠠᠢ ᠤᠷᠴᠢᠨ ᠳᠤ ᠶᠠᠪᠤᠭᠳᠠᠵᠤ᠂ ᠣᠯᠠᠨ ᠢ ᠪᠠᠶᠠᠷ ᠴᠡᠩᠭᠡᠯ

 ᠲᠠᠢ ᠣᠷᠴᠢᠨ ᠳᠤ  ᠭᠠᠯ ᠣᠨᠳᠠᠷᠭᠠᠬᠤ ᠮᠡᠳᠡᠯᠭᠡ ᠶᠢ ᠰᠣᠷᠣᠯᠴᠠᠭᠤᠯᠵᠤ᠂ ᠭᠠᠯ ᠣᠨᠳᠠᠷᠭᠠᠬᠤ ᠴᠢᠳᠠᠪᠦᠷᠢ ᠶᠢ ᠨᠢ

ᠲᠡᠭᠡᠭᠰᠢᠯᠡᠭᠦᠯᠪᠡ᠃

   

     ᠭᠠᠯ ᠤᠨᠳᠠᠷᠭᠠᠭᠴᠢ ᠠᠴᠠ ᠪᠦᠬᠦ ᠪᠠᠭᠰᠢ ᠰᠤᠷᠤᠭᠴᠢ ᠳᠤ ᠡᠯ᠎ᠡ ᠲᠦᠷᠦᠯ ᠤᠨ ᠭᠠᠯ ᠣᠨᠳᠠᠷᠭᠠᠬᠤ ᠪᠠᠭᠠᠵᠢ

ᠬᠡᠷᠡᠭᠰᠡᠯ ᠢ ᠠᠵᠢᠯᠯᠠᠭᠤᠯᠬᠤ ᠠᠷᠭ᠎ᠠ᠂ ᠬᠡᠷᠡᠭᠯᠡᠬᠦ ᠠᠬᠤᠢ ᠪᠠᠶᠢᠳᠠᠯ ᠵᠢᠴᠢ ᠴᠢᠳᠠᠮᠵᠢ ᠵᠡᠷᠭᠡ ᠬᠤᠯᠪᠤᠭᠳᠠᠯ ᠪᠦᠬᠦᠢ

ᠮᠡᠳᠡᠯᠭᠡ ᠶᠢ ᠲᠦᠭᠡᠮᠡᠯᠵᠢᠭᠦᠯᠵᠤ᠂ ᠭᠤᠣᠯᠳᠠᠭᠤ ᠬᠠᠭᠤᠷᠠᠢ ᠨᠤᠨᠳᠠᠭ ᠭᠠᠯ ᠤᠨᠳᠠᠷᠭᠠᠭᠤᠷ ᠢᠶᠠᠷ ᠵᠢᠱᠢᠶ᠎ᠡ ᠪᠤᠯᠭᠠᠵᠤ᠂

ᠪᠠᠭᠰᠢ ᠰᠤᠷᠤᠭᠴᠢᠳ ᠲᠤ ᠬᠡᠷᠡᠭᠯᠡᠬᠦ ᠠᠷᠭ᠎ᠠ ᠪᠠ ᠠᠩᠬᠠᠷᠬᠤ ᠵᠦᠢᠯᠡᠰ ᠵᠢᠴᠢ ᠠᠵᠢᠯᠯᠠᠬᠤ ᠭᠤᠤᠯᠳᠠᠯᠭ᠎ᠠ᠂ ᠭᠠᠯ

ᠣᠨᠳᠠᠷᠭᠠᠬᠤ ᠵᠤᠭᠰᠤᠴᠠ᠂ ᠰᠠᠯᠬᠢᠨ ᠤ ᠴᠢᠭᠯᠡᠯ ᠪᠤᠯᠤᠨ ᠡᠬᠢ ᠰᠤᠷᠪᠤᠯᠵᠢ ᠶᠢᠨ ᠠᠮᠦᠷ ᠲᠦᠪᠰᠢᠨ ᠤ ᠵᠠᠢ ᠵᠡᠷᠭᠡ ᠶᠢ

ᠲᠠᠶᠢᠯᠪᠦᠷᠢᠯᠡᠨ ᠦᠭᠭᠦ ᠶᠢᠨ ᠬᠠᠮᠳᠦ ᠰᠤᠷᠤᠭᠴᠢᠳ ᠢ ᠤᠷᠢᠵᠤ ᠪᠤᠳᠠᠲᠠᠢ ᠭᠠᠯ ᠤᠨᠳᠠᠷᠠᠭᠠᠬᠤ ᠰᠤᠷᠢᠯᠳᠠ ᠬᠢᠵᠤ᠂

ᠰᠤᠷᠤᠭᠴᠢᠳ ᠤᠨ ᠭᠠᠯ ᠤᠨᠳᠠᠷᠠᠭᠠᠬᠤ ᠮᠡᠳᠡᠯᠭᠡ ᠶᠢ ᠰᠤᠷᠤᠯᠴᠠᠬᠤ ᠢᠳᠡᠪᠬᠢᠵᠢᠯ ᠢ ᠬᠦᠢᠴᠡᠳ ᠲᠠᠶᠢᠴᠢᠯᠠᠭᠰᠠᠨ

ᠪᠠᠶᠢᠨ᠎ᠠ᠃

        ᠵᠣᠬᠢᠶ᠋ᠬᠠᠴᠢ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

       ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号