ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠤᠷᠢᠳᠠᠪᠠᠷ | ᠬᠥᠭᠵᠢᠭᠦᠯᠬᠦ ᠬᠡᠷᠡᠭᠲᠡᠢ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠠᠮ ᠤᠨ ᠪᠠᠶᠢᠭᠤᠯᠤᠯᠲᠠ ᠪᠠᠷ ᠬᠦᠳᠦᠯᠦᠨ | ᠳᠠᠭᠠᠭᠤᠯᠬᠤ ᠪᠠᠷ ᠳᠠᠮᠵᠢᠭᠤᠯᠵᠤ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠵᠠᠮ ᠢ ᠢᠳᠡᠪᠬᠢᠲᠡᠢ | ᠰᠦᠪᠡᠭᠴᠢᠯᠡᠵᠦ᠂ ᠤᠳᠤ ᠶᠢᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ᠂ ᠤᠯᠠᠮᠵᠢᠯᠠᠯᠲᠤ ᠴᠠᠭᠠᠨ ᠢᠳᠡᠭᠡᠨ ᠤ | ᠭᠠᠷ ᠤᠷᠠᠯᠠᠯ ᠢ ᠣᠷᠣᠭᠤᠯᠤᠨ ᠂ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠦᠴᠦᠨ ᠨᠡᠮᠡᠷᠢᠯᠡᠨ᠎ᠡ᠃ | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠷᠦ᠋ ᠴᠢᠤᠸᠠᠨ ᠴᠠᠭᠠᠨ ᠢᠳᠡᠭᠡᠨ ᠪᠣᠯᠪᠠᠰᠤᠷᠠᠭᠤᠯᠬᠤ | ᠦᠢᠯᠡᠳᠪᠦᠷᠢ ᠨᠢ ᠲᠣᠰ ᠭᠠᠵᠠᠷ ᠤᠨ ᠴᠢᠨᠠᠷ ᠰᠠᠶᠢᠲᠠᠶ ᠰᠦ ᠶᠢᠨ ᠢᠷᠡᠯᠲᠡ ᠳᠤ ᠲᠦᠰᠢᠭᠯᠡᠨ᠂ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠳᠤ ᠬᠠᠷᠢᠶᠠᠯᠠᠭᠳᠠᠬᠤ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠶᠢ | ᠪᠠᠶᠢᠭᠤᠯᠪᠠ᠃ 2023 ᠣᠨ ᠳᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ | ᠰᠠᠶᠢᠨ ᠠᠵᠠ ᠲᠣᠬᠢᠶᠠᠯ ᠳᠤ ᠲᠦᠰᠢᠭᠯᠡᠨ᠂ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠳᠤ ᠲᠡᠰ | ᠳᠡᠪᠰᠢᠭᠦᠯᠦᠨ ᠥᠭᠡᠷᠡᠴᠢᠯᠡᠵᠦ᠂ ᠰᠢᠨ᠎ᠡ ᠲᠥᠬᠦᠭᠡᠷᠦᠮᠵᠢ ᠶᠢ ᠣᠷᠣᠭᠤᠯᠵᠤ᠂ ᠦᠢᠯᠡᠳᠪᠦᠷᠢᠯᠡᠯ ᠤᠨ ᠬᠡᠪᠴᠢᠶ᠎ᠡ ᠶᠢ | ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠭᠠᠷᠤᠯᠲᠠ᠂ ᠦᠢᠯᠡᠳᠬᠦᠨ ᠤ ᠦᠷᠳᠡᠭ ᠢ | ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ᠣᠳᠣᠬᠠᠨ ᠳᠤ ᠦᠢᠯᠡᠳᠪᠦᠷᠢ ᠡᠳᠦᠷ ᠲᠤ 2 ᠲᠣᠨ ᠰᠢᠬᠠᠮ ᠰᠦ | ᠦᠢᠯᠡᠳᠪᠦᠷᠢᠯᠡᠵᠦ᠂ ᠦᠢᠯᠡᠳᠪᠦᠷᠢᠯᠡᠭᠰᠡᠨ ᠴᠠᠭᠠᠨ ᠢᠳᠡᠭᠡᠨ ᠳᠤ ᠬᠤᠷᠤᠳ᠂ ᠥᠷᠥᠮ᠎ᠡ᠂ ᠲᠤᠯᠭ᠎ᠠ ᠴᠠᠢ᠂ | ᠡᠭᠡᠳᠡᠭᠰᠡᠨ ᠰᠦ ᠵᠡᠷᠭᠡ ᠲᠥᠷᠥᠯ ᠵᠦᠢᠯ ᠪᠠᠭᠲᠠᠨ᠎ᠠ᠃ | | | | ᠪᠣᠯᠪᠠᠰᠤᠷᠠᠭᠤᠯᠬᠤ ᠦᠢᠯᠡᠳᠪᠦᠷᠢ ᠶᠢᠨ ᠶᠡᠬᠡᠩᠬᠢ ᠪᠣᠷᠣᠯᠠᠭᠤᠯᠤᠯᠲᠠ ᠶᠢᠨ ᠬᠡᠮᠵᠢᠶ᠎ᠡ ᠨᠢ ᠵᠠᠬᠢᠶᠠᠯᠠᠭ᠎ᠠ ᠶᠢᠨ | ᠬᠠᠭᠤᠳᠠᠰᠤ ᠪᠠᠶᠢᠵᠤ᠂ ᠤᠯᠠᠮᠵᠢᠯᠠᠯᠲᠤ ᠭᠠᠷ ᠤᠷᠠᠯᠠᠯ ᠢ ᠬᠡᠷᠡᠭᠯᠡᠭᠰᠡᠨ ᠠᠴᠠ ᠤᠯᠠᠮᠵᠢᠯᠠᠯᠲᠤ ᠴᠠᠭᠠᠨ ᠢᠳᠡᠭᠡᠨ ᠤ ᠤᠤᠯ | ᠦᠨᠦᠷ ᠠᠮᠲᠠ ᠶᠢ ᠬᠠᠳᠠᠭᠠᠯᠠᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂ | ᠪᠠᠷᠤᠭ ᠬᠠᠩᠭᠠᠯᠭ᠎ᠠ ᠬᠡᠷᠡᠭᠴᠡᠭᠡ ᠳᠡᠭᠡᠨ ᠬᠦᠷᠬᠦ ᠦᠭᠡᠢ ᠪᠣᠯᠪᠠ᠃ ᠣᠳᠣᠬᠠᠨ ᠳᠤ᠂ ᠪᠣᠯᠪᠠᠰᠤᠷᠠᠭᠤᠯᠬᠤ ᠭᠠᠵᠠᠷ | ᠨᠢᠭᠡᠨᠲᠡ ᠡᠷᠬᠢᠨ ᠲᠣᠭᠤᠷᠢᠨ ᠤ ᠲᠣᠰ ᠭᠠᠵᠠᠷ ᠤᠨ ᠲᠣᠰᠬᠤᠨ ᠤ ᠠᠷᠠᠳ ᠲᠤ ᠠᠵᠢᠯ ᠣᠯᠭᠤᠪᠠ᠃ | ᠤᠶᠢᠷ᠎ᠠ ᠶᠢᠨ ᠵᠢᠯ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠣᠷᠣᠨ ᠪᠠᠶᠢᠷᠢ ᠶᠢᠨ | ᠳᠠᠪᠠᠭᠤᠯᠢᠭ ᠲᠠᠭᠠᠨ ᠰᠠᠭᠤᠷᠢᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠴᠠᠭᠠᠨ | ᠢᠳᠡᠭᠡᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠡᠳᠬᠢᠴᠡ ᠠᠷᠭ᠎ᠠ | ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠵᠦ | ᠡᠳ᠋ᠰᠢᠭᠦᠯᠬᠦ ᠦᠢᠯᠡᠳᠪᠦᠷᠢ ᠶᠢᠨ ᠲᠠᠰ ᠳᠡᠪᠰᠢᠬᠦ ᠶᠢ ᠬᠥᠲᠥᠯᠦᠨ ᠵᠢᠯᠣᠭᠤᠳᠴᠤ ᠲᠡᠳᠬᠦᠨ ᠳᠡᠮᠵᠢᠵᠦ᠂ ᠤᠯᠠᠮᠵᠢᠯᠠᠯᠲᠤ | ᠴᠠᠭᠠᠨ ᠢᠳᠡᠭᠡᠨ ᠤ ᠪᠦᠲᠦᠭᠡᠭᠳᠡᠬᠦᠨ ᠢ ᠠᠯᠬᠤᠮ ᠠᠯᠬᠤᠮ ᠢᠶᠠᠷ ᠪᠠᠷᠢᠮᠵᠢᠶᠠᠵᠢᠭᠤᠯᠤᠨ ᠬᠡᠪᠴᠢᠶᠡᠵᠢᠭᠦᠯᠵᠦ᠂ ᠴᠠᠭᠠᠨ | ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠪᠠᠷ ᠬᠥᠳᠡᠭᠡ ᠲᠣᠰᠬᠤᠨ ᠤ ᠰᠦ ᠶᠢᠨ ᠠᠵᠤ ᠦᠢᠯᠡᠰ ᠢ ᠳᠠᠶᠢᠴᠢᠯᠠᠵᠤ᠂ | ᠤᠯᠠᠮᠵᠢᠯᠠᠯᠲᠤ ᠴᠠᠭᠠᠨ ᠢᠳᠡᠭᠡᠨ ᠤ ᠦᠨᠦᠷ ᠠᠮᠲᠠ ᠶᠢ ᠳᠥᠷᠪᠡᠨ ᠵᠦᠭ ᠨᠠᠢᠮᠠᠨ ᠵᠤᠪᠭᠢᠰ ᠲᠤ ᠲᠠᠷᠬᠠᠭᠠᠪᠠ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | |