ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/4/1
         ᠣᠶᠢᠷ᠎ᠠ ᠶᠢᠨ ᠵᠢᠯ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠯᠠ ᠮᠥᠩᠭᠦ ᠥᠭᠬᠦ ᠶᠢ ᠲᠦᠷᠭᠡᠳᠬᠡᠨ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ ᠬᠤᠪᠢᠷᠠᠭᠤᠯᠬᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠭᠠᠷᠬᠤ ᠥᠬᠡᠶ ᠪᠠᠷ ᠡᠳ᠋ ᠤᠨ ᠵᠠᠰᠠᠭ ᠤᠨ ᠬᠦᠴᠦᠨ ᠴᠢᠳᠠᠯ ᠢᠶᠠᠨ  ᠡᠷᠬᠦᠨ᠎ᠡ᠃      ᠨᠢᠭᠡ ᠳᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠲᠤᠯᠠᠨ᠎ᠠ᠃ 2023 ᠣᠨ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠲᠥᠷᠥᠯ ᠤᠨ ᠵᠣᠯᠭᠠᠭᠤᠯᠬᠤ ᠪᠠᠯᠠ ᠮᠥᠩᠭᠦ ᠨᠡᠶᠢᠲᠡ 17708 ᠲᠦᠮᠡᠨ ᠲᠥᠭᠦᠷᠢᠭ᠂ ᠵᠠᠷᠤᠯᠭ᠎ᠠ ᠶᠢᠨ ᠶᠡᠷᠦᠩᠬᠡᠶ ᠲᠤᠭ᠎ᠠ 15083 ᠲᠦᠮᠡᠨ ᠲᠥᠭᠦᠷᠢᠭ᠂ ᠵᠠᠷᠤᠴᠠᠭᠤᠯᠤᠭᠰᠠᠨ ᠨᠣᠷᠮ᠎ᠠ 85.17%᠃ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ 14014 ᠲᠦᠮᠡᠨ ᠲᠥᠭᠦᠷᠢᠭ ᠡᠮᠬᠢᠯᠡᠨ ᠨᠡᠶᠢᠯᠡᠭᠦᠯᠵᠦ᠂ 12666 ᠲᠦᠮᠡᠨ ᠲᠥᠭᠦᠷᠢᠭ ᠵᠠᠷᠤᠴᠠᠭᠤᠯᠵᠤ᠂ ᠵᠠᠷᠤᠴᠠᠭᠤᠯᠤᠭᠰᠠᠨ ᠨᠣᠷᠮ᠎ᠠ ᠨᠢ 90.38% ᠳᠤ ᠬᠦᠷᠴᠡᠶ᠃ ᠪᠥᠬᠦ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠳᠤ ᠬᠡᠷᠡᠭᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠨᠠᠩ ᠰᠠᠶᠢᠨ᠂ ᠨᠠᠩ ᠲᠦᠷᠭᠡᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠣᠯᠭᠤᠭᠰᠠᠨ ᠪᠠᠶᠢᠨ᠎ᠠ᠃      ᠬᠤᠶᠠᠷ ᠲᠤ᠂ ᠪᠡᠯᠡ ᠮᠥᠩᠭᠦ ᠶᠢ ᠵᠣᠯᠭᠠᠯᠳᠤᠭᠤᠯᠬᠤ ᠶᠢ ᠲᠦᠷᠭᠡᠳᠬᠡᠨ᠎ᠡ᠃ ᠪᠡᠯᠡ ᠮᠥᠩᠭᠦ ᠰᠠᠯᠭᠠᠨ ᠥᠭᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠭᠦᠢᠴᠡᠳᠬᠡᠬᠦ ᠲᠤᠭ᠎ᠠ ᠶᠢᠨ ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠬᠢᠳᠠᠯ ᠢᠶᠠᠷ ᠮᠡᠳᠡᠭᠳᠡᠵᠦ᠂ ᠲᠥᠷᠥᠯ ᠵᠦᠢᠯ ᠤᠨ ᠨᠢᠭᠡᠴᠡ ᠶᠢ ᠰᠢᠮᠳᠠᠭᠤᠯᠵᠤ ᠪᠠᠶᠢᠭᠠᠳ ᠲᠤᠰᠬᠠᠢ ᠪᠡᠯᠡ ᠮᠥᠩᠭᠦ ᠶᠢ ᠴᠠᠭ ᠲᠤᠬᠠᠢ ᠳᠤᠨᠢ ᠭᠤᠶᠤᠴᠢᠯᠠᠭᠤᠯᠤᠨ᠂ ᠰᠠᠯᠭᠠᠨ ᠥᠭᠬᠦ ᠬᠠᠷᠢᠴᠠᠯ ᠢ ᠪᠥᠬᠦ ᠬᠤᠲᠠ ᠶᠢᠨ ᠳᠡᠰ ᠳᠠᠷᠠᠭᠠᠯᠠᠯ ᠤᠨ ᠴᠠᠭ ᠤᠨ ᠳᠠᠷᠠᠭᠠᠯᠠᠯ ᠤᠨ ᠠᠬᠢᠴᠠ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠪᠠᠲᠤᠯᠠᠨ᠎ᠠ᠃      ᠭᠤᠷᠪᠠ ᠳᠤ᠂ ᠪᠡᠯᠡ ᠮᠥᠩᠭᠦ ᠶᠢ ᠵᠣᠯᠭᠠᠭᠤᠯᠬᠤ ᠶᠢ ᠵᠢᠷᠤᠮᠵᠢᠭᠤᠯᠤᠨ᠎ᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠪᠠᠯᠠ ᠮᠥᠩᠭᠦ ᠪᠠᠭᠤᠯᠭᠠᠭᠰᠠᠨ ᠤ ᠳᠠᠷᠠᠭ᠎ᠠ᠂ ᠢᠯᠡ ᠨᠡᠶᠢᠲᠡᠯᠡᠬᠦ ᠲᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠪᠠᠯᠠ ᠮᠥᠩᠭᠦ ᠶᠢ ᠬᠤᠪᠢᠶᠠᠷᠢᠯᠠᠬᠤ ᠶᠢ ᠵᠣᠯᠭᠠᠭᠤᠯᠤᠭᠰᠠᠨ ᠪᠠᠶᠢᠳᠠᠯ ᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠢᠯᠡ ᠪᠣᠯᠭᠠᠨ᠎ᠠ᠃      ᠳᠥᠷᠪᠡ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠥᠪ ᠴᠢᠭᠯᠡᠯ ᠢᠶᠠᠷ ᠬᠥᠲᠥᠯᠦᠨ ᠵᠢᠯᠣᠭᠤᠳᠴᠤ ᠵᠣᠷᠢᠭᠵᠢᠭᠤᠯᠬᠤ ᠶᠢ ᠴᠢᠩᠭᠠᠳᠬᠠᠬᠤ ᠶᠢᠨ ᠬᠠᠮᠲᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠪᠠ ᠬᠦᠴᠦᠲᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠦᠬᠦᠨ ᠢ ᠬᠠᠮᠤᠷᠤᠭᠰᠠᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠬᠢᠨᠠᠨ ᠬᠠᠷᠭᠤᠭᠤᠯᠤᠭᠰᠠᠨ᠂ ᠰᠢᠯᠵᠢᠭᠦᠯᠦᠨ ᠥᠭᠭᠦᠭᠰᠡᠨ᠂ ᠬᠡᠷᠡᠭᠯᠡᠭᠰᠡᠨ ᠪᠠᠶᠢᠳᠠᠯ ᠤᠨ ᠪᠥᠬᠦ ᠶᠠᠪᠤᠴᠠ ᠶᠢ ᠬᠢᠨᠠᠨ ᠬᠠᠮᠢᠶᠠᠷᠴᠤ ᠂ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠤᠳᠤᠷᠢᠳᠤᠮᠵᠢ ᠶᠢᠨ ᠦᠢᠯᠡᠳᠣᠯ ᠢ ᠴᠢᠷᠮᠠᠶᠢᠨ ᠪᠠᠳᠠᠷᠠᠭᠤᠯᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠥᠷᠥᠯ ᠵᠦᠢᠯ ᠤᠨ ᠨᠢᠭᠡᠴᠡ ᠶᠢᠨ ᠲᠠᠷᠠᠭᠠᠴᠢ ᠶᠢᠨ ᠵᠢᠯ ᠤᠨ ᠲᠥᠰᠦᠪ ᠤᠨ ᠲᠣᠬᠢᠷᠠᠭᠤᠯᠤᠯᠲᠠ ᠬᠢᠵᠦ᠂ ᠪᠠᠯᠠ ᠮᠥᠩᠭᠦ ᠬᠤᠪᠢᠶᠠᠷᠢᠯᠠᠬᠤ ᠴᠢᠬᠤᠯᠠ ᠦᠨᠳᠦᠰᠦᠯᠡᠯ ᠪᠣᠯᠭᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠪᠡ᠃                          ᠵᠣᠬᠢᠶᠠᠭᠴᠢ᠄ ᠯᠢ ᠶᠠ ᠨᠠᠨ            ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号