ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ ᠭᠤᠤᠯᠳᠠᠯᠭ᠎ᠠ ᠲᠠᠢ ᠵᠠᠷᠤᠯᠭ᠎ᠠ ᠶᠢ ᠪᠣᠳᠠᠲᠠᠶᠢᠵᠢᠭᠤᠯᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2024/4/1
          ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠭᠤᠨ ᠡᠷᠭᠢᠯᠲᠡ ᠶᠢ ᠠᠬᠢᠭᠤᠯᠵᠤ᠂ GDP ᠶᠢᠨ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠢ ᠬᠦᠴᠦᠯᠡᠨ ᠳᠠᠶᠢᠴᠢᠯᠠᠬᠤ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠯ᠎ᠡ ᠲᠥᠷᠥᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ ᠭᠤᠤᠯᠳᠠᠯᠭ᠎ᠠ ᠲᠠᠢ ᠵᠠᠷᠤᠯᠭ᠎ᠠ ᠶᠢ ᠪᠣᠳᠠᠲᠠᠶᠢᠵᠢᠭᠤᠯᠬᠤ ᠶᠢ ᠪᠥᠬᠦ ᠲᠠᠯ᠎ᠠ ᠪᠠᠷ ᠪᠠᠲᠤᠯᠠᠪᠠ᠃       ᠨᠢᠭᠡ ᠳᠤ᠂ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠳ᠋ ᠤᠨ ᠢᠷᠡᠯᠲᠡ ᠶᠢ ᠶᠡᠭᠡ ᠪᠠᠷ ᠪᠤᠶᠢᠵᠢᠭᠤᠯᠤᠨ᠎ᠠ᠃ ᠮᠠᠨ ᠤ ᠬᠤᠰᠢᠭᠤᠨ ᠤ ᠠᠵᠤ ᠦᠢᠯᠡᠰ ᠤᠨ ᠪᠦᠲᠦᠴᠡ ᠪᠠ ᠭᠠᠶᠢᠯᠢ ᠲᠠᠲᠠᠪᠤᠷᠢ ᠶᠢᠨ ᠢᠷᠡᠯᠲᠡ ᠶᠢᠨ ᠣᠨᠴᠠᠯᠢᠭ ᠢ ᠭᠦᠨᠵᠡᠭᠡᠶ ᠰᠤᠳᠤᠯᠵᠤ᠂ ᠬᠦᠴᠦᠨ ᠵᠦᠢᠯ ᠤᠨ ᠪᠠᠲᠤᠯᠠᠭ᠎ᠠ ᠪᠠᠷ ᠭᠤᠤᠯ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠨ᠂ ᠡᠯ᠎ᠡ ᠲᠥᠷᠥᠯ ᠤᠨ ᠡᠬᠢ ᠪᠠᠶᠠᠯᠢᠭ ᠤᠨ ᠬᠦᠴᠦᠨ ᠵᠦᠢᠯ᠂ ᠡᠳ᠋ ᠤᠨ ᠵᠠᠰᠠᠭ ᠤᠨ ᠪᠡᠯᠡ ᠮᠥᠩᠭᠦ ᠶᠢ ᠪᠣᠳᠠᠲᠤ ᠴᠣᠭᠴᠠ ᠵᠢᠴᠢ ᠭᠤᠣᠯᠳᠠᠯᠭ᠎ᠠ ᠲᠠᠢ ᠠᠵᠤ ᠦᠢᠯᠡᠰ ᠲᠡᠰᠢ ᠬᠡᠯᠪᠠᠶᠢᠯᠭᠡᠬᠦ ᠶᠢ ᠨᠢᠭᠡᠳᠦᠯᠲᠡᠶ ᠲᠥᠯᠥᠪᠯᠡᠨ᠎ᠡ︔ ᠡᠭᠦᠨ ᠤ ᠬᠠᠮᠲᠤ ᠲᠠᠲᠠᠪᠤᠷᠢᠯᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠶᠢᠯᠢ ᠶᠢ ᠶᠡᠷᠦᠩᠬᠡᠶᠢᠯᠡᠨ ᠵᠠᠰᠠᠬᠤ ᠶᠢ ᠬᠠᠤᠯᠢ ᠶᠣᠰᠣᠭᠠᠷ ᠠᠬᠢᠭᠤᠯᠵᠤ᠂ ᠭᠠᠶᠢᠯᠢ ᠲᠠᠲᠠᠪᠤᠷᠢ ᠶᠢᠨ ᠣᠷᠣᠯᠭ᠎ᠠ ᠪᠣᠯᠤᠨ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠶᠢ ᠴᠢᠩᠳᠠᠯᠠᠬᠤ ᠶᠢᠨ ᠬᠠᠮᠲᠤ᠂ ᠲᠣᠷᠭᠠᠵᠤ ᠬᠤᠷᠢᠶᠠᠨ ᠠᠪᠬᠤ ᠡᠳ᠋ ᠬᠥᠷᠥᠩᠭᠡ ᠶᠢ ᠰᠢᠢᠳᠪᠦᠷᠢᠯᠡᠬᠦ᠂ ᠲᠣᠷᠭᠠᠵᠤ ᠬᠤᠷᠢᠶᠠᠨ ᠠᠪᠤᠭᠰᠠᠨ ᠣᠷᠣᠯᠭ᠎ᠠ ᠶᠢ ᠬᠤᠷᠢᠶᠠᠨ ᠠᠪᠬᠤ ᠶᠢ ᠲᠦᠷᠭᠡᠳᠬᠡᠵᠦ᠂ ᠠᠭᠤᠷᠬᠠᠶ ᠶᠢᠨ ᠦᠢᠯᠡᠰ ᠤᠨ ᠡᠬᠢ ᠪᠠᠶᠠᠯᠢᠭ ᠪᠣᠯᠤᠨ ᠰᠤᠯᠠ ᠪᠠᠶᠢᠭ᠎ᠠ ᠭᠠᠵᠠᠷ ᠰᠢᠷᠣᠶ ᠶᠢᠨ ᠡᠬᠢ ᠪᠠᠶᠠᠯᠢᠭ ᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ ᠭᠠᠶᠢᠯᠢ ᠶᠢᠨ ᠪᠤᠰᠤ ᠣᠷᠣᠯᠭ᠎ᠠ ᠶᠢᠨ ᠨᠡᠮᠡᠭᠳᠡᠯ ᠤᠨ ᠳᠠᠯᠳᠠ ᠬᠦᠴᠦᠨ ᠢ ᠠᠭᠤᠳᠠᠯᠬᠤ ᠬᠡᠷᠡᠭᠲᠡᠶ᠃      ᠬᠤᠶᠠᠷ ᠲᠤ᠂ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠠᠴᠠ ᠴᠢᠷᠮᠠᠶᠢᠨ ᠲᠡᠮᠡᠴᠡᠬᠦ ᠶᠢ ᠴᠢᠩᠭᠠᠳᠬᠠᠪᠠ᠃ ᠬᠤᠷᠸ᠎ᠠ ᠠᠵᠤ ᠠᠬᠤᠶ ᠶᠢᠨ ᠪᠠᠭᠤᠷᠠᠯᠲᠠ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠮᠦᠨ᠎ᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠰᠤᠳᠤᠯᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠰᠢᠨ᠂ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠬᠥᠳᠡᠯᠦᠯ ᠪᠠᠶᠢᠳᠠᠯ ᠪᠠ ᠮᠡᠳᠡᠭᠡ ᠵᠠᠩᠭᠢ ᠶᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠤᠯᠤᠰ ᠤᠨ ᠠᠵᠤ ᠦᠢᠯᠡᠰ ᠤᠨ ᠤᠳᠤᠷᠢᠳᠤᠮᠵᠢ ᠬᠢᠭᠡᠳ ᠮᠠᠨ ᠤ ᠬᠤᠰᠢᠭᠤᠨ ᠤ ᠪᠠᠶᠢᠳᠠᠯ ᠤᠨ ᠬᠠᠮᠤᠭ ᠤᠨ ᠰᠠᠶᠢᠨ ᠤᠶᠠᠯᠳᠤᠯ ᠤᠨ ᠴᠡᠭ ᠢ ᠣᠨᠣᠪᠴᠢᠲᠠᠶ ᠡᠵᠡᠮᠳᠡᠨ᠂ ᠳᠡᠭᠡᠳᠦ ᠱᠠᠲᠤᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠡᠪᠲᠡᠷᠡᠲᠡᠯ᠎ᠡ ᠣᠶᠢᠯᠠᠭᠠᠵᠤ᠂ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠨ ᠲᠥᠯᠥᠪᠯᠡᠵᠦ᠂ ᠴᠢᠷᠮᠠᠶᠢᠨ ᠲᠡᠮᠡᠴᠡᠨ ᠣᠯᠵᠤ᠂ ᠲᠥᠷᠥᠯ ᠵᠦᠢᠯ ᠤᠨ ᠪᠠᠯᠠ ᠮᠥᠩᠭᠦ ᠶᠢᠨ ᠴᠢᠷᠮᠠᠶᠢᠨ ᠠᠵᠢᠯᠯᠠᠬᠤ ᠰᠢᠨ᠎ᠡ ᠰᠢᠪᠲᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠯ᠎ᠡ ᠵᠦᠢᠯ ᠤᠨ ᠵᠠᠷᠤᠯᠭ᠎ᠠ ᠶᠢ ᠪᠠᠲᠤᠯᠠᠬᠤ ᠳᠤ ᠯᠠᠪᠳᠠᠭᠤᠨ ᠪᠠᠲᠤᠲᠠᠶ ᠡᠳ᠋ ᠤᠨ ᠬᠦᠴᠦᠨ ᠤ ᠪᠠᠲᠤᠯᠠᠭ᠎ᠠ ᠬᠠᠩᠭᠠᠬᠤ ᠬᠡᠷᠡᠭᠲᠡᠢ᠃      ᠭᠤᠷᠪᠠ ᠳᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠲᠥᠰᠦᠪ ᠤᠨ ᠬᠡᠷᠡᠭᠵᠢᠭᠦᠯᠦᠯᠲᠡ ᠶᠢ ᠴᠢᠩᠭᠠᠳᠬᠠᠪᠠ᠃ ᠵᠠᠰᠠᠭ ᠤᠨ ᠣᠷᠳᠣᠨ ᠦᠨᠡᠨᠬᠦ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠨ ᠤ ᠭᠤᠤᠯᠳᠠᠯᠭ᠎ᠠ ᠲᠠᠢ ᠠᠵᠢᠯ ᠢ ᠲᠡᠷᠡ ᠶᠣᠰᠣᠭᠠᠷ ᠨᠢ ᠪᠡᠶᠡᠯᠡᠭᠦᠯᠬᠦ ᠶᠢ ᠪᠠᠲᠤᠯᠠᠭᠰᠠᠨ ᠤᠷᠢᠲᠠᠯ ᠳᠣᠤᠷ᠎ᠠ᠂ ᠬᠠᠲᠠᠭᠤ ᠪᠤᠰᠤ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠭᠤᠤᠯᠳᠠᠯᠭ᠎ᠠ ᠲᠠᠢ ᠵᠠᠷᠤᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠥᠮᠥᠷᠭᠡ ᠶᠢᠨ ᠵᠣᠭᠤᠰ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠬᠥᠮᠥᠷᠭᠡ ᠶᠢᠨ ᠵᠣᠭᠤᠰ ᠤᠨ ᠵᠢᠱᠢᠯᠲᠡ ᠲᠠᠢ ᠤᠶᠠᠯᠳᠤᠭᠤᠯᠤᠨ᠂ ᠬᠥᠮᠥᠷᠭᠡ ᠶᠢᠨ ᠵᠣᠭᠤᠰ ᠢ ᠲᠣᠬᠢᠷᠠᠭᠤᠯᠤᠨ ᠬᠡᠷᠡᠭᠯᠡᠬᠦ ᠲᠥᠯᠥᠪᠯᠡᠭᠡ ᠶᠢ ᠤᠷᠢᠳᠴᠢᠯᠠᠨ ᠵᠦᠶ ᠵᠣᠬᠢᠰᠲᠠᠶ ᠨᠠᠶᠢᠷᠠᠭᠤᠯᠤᠨ ᠵᠣᠬᠢᠶᠠᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ ᠨᠠᠩ ᠣᠯᠠᠨ ᠪᠠᠯᠠ ᠮᠥᠩᠭᠦ ᠶᠢ ᠭᠤᠤᠯᠳᠠᠯᠭ᠎ᠠ ᠲᠠᠢ ᠵᠠᠷᠤᠯᠭ᠎ᠠ ᠶᠢᠨ ᠲᠥᠷᠥᠯ ᠵᠦᠢᠯ ᠳᠠᠰᠢ ᠬᠡᠯᠪᠠᠶᠢᠯᠭᠡᠬᠦ ᠬᠡᠷᠡᠭᠲᠡᠶ᠃       ᠲᠦᠷᠪᠡ ᠳᠤ᠂ ᠵᠠᠷᠤᠯᠭ᠎ᠠ ᠶᠢᠨ ᠠᠬᠢᠴᠠ ᠶᠢ ᠲᠦᠷᠭᠡᠳᠬᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠪᠠ᠃ ᠪᠥᠬᠦ ᠬᠤᠰᠢᠭᠤᠨ ᠤ ᠡᠯ᠎ᠡ ᠲᠥᠰᠦᠪ ᠤᠨ ᠰᠠᠯᠠᠭ᠎ᠠ ᠮᠥᠴᠢᠷ ᠲᠥᠰᠦᠪ ᠤᠨ ᠬᠡᠷᠡᠭᠵᠢᠭᠦᠯᠦᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠱᠠᠲᠤᠨ ᠤ ᠭᠤᠤᠯᠳᠠᠯᠭ᠎ᠠ ᠲᠠᠢ ᠵᠠᠷᠤᠯᠭ᠎ᠠ ᠶᠢᠨ ᠵᠦᠢᠯᠡᠰ ᠤᠨ ᠲᠣᠬᠢᠷᠠᠭᠤᠯᠤᠯᠲᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠵᠠᠳᠠᠯᠤᠨ ᠨᠠᠶᠢᠳᠠᠪᠤᠷᠢᠵᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠬᠦᠴᠦᠯᠡᠨ ᠠᠬᠢᠭᠤᠯᠵᠤ᠂ ᠭᠤᠤᠯᠳᠠᠯᠭ᠎ᠠ ᠲᠠᠢ ᠵᠠᠷᠤᠯᠭ᠎ᠠ ᠶᠢᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃           ᠵᠣᠬᠢᠶᠠᠭᠴᠢ᠄ ᠯᠢ ᠶᠠ ᠨᠠᠨ          ᠣᠷᠴᠢᠭᠤᠯᠣᠨᠨᠴᠢ᠄  ᠭᠧ ᠲᠣᠸᠠᠨ ᠯᠢᠶᠡᠨ      
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号