ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠰᠬᠠᠶ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/4/1
          ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠨᠠᠩ ᠰᠠᠶᠢᠲᠤᠷ ᠪᠠᠳᠠᠷᠠᠭᠤᠯᠵᠤ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠵᠤ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠶᠢ ᠬᠠᠷᠢᠯᠴᠠᠨ ᠨᠢᠭᠡᠳᠬᠡᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠰᠬᠠᠶ ᠲᠥᠷᠥᠯ ᠤᠨ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢᠨ ᠬᠠᠮᠲᠤ ᠢᠯᠡᠳᠲᠡ ᠦᠷ᠎ᠡ ᠪᠦᠲᠦᠮᠵᠢ ᠤᠯᠪᠠ᠃       ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠬᠢᠨᠠᠨ ᠪᠤᠳᠤᠬᠤ ᠲᠣᠪᠴᠢᠶ᠎ᠠ ᠳᠣᠲᠣᠭᠠᠳᠤ ᠳᠠᠭᠠᠨ ᠴᠡᠭᠴᠡᠯᠡᠨ ᠰᠠᠶᠢᠵᠢᠷᠠᠭᠤᠯᠬᠤ ᠲᠤᠰᠬᠠᠶ ᠠᠩᠭᠢ ᠪᠠᠶᠢᠭᠤᠯᠵᠤ᠂ ︽ᠬᠡᠨ ᠬᠢᠨᠠᠨ ᠪᠤᠳᠤᠭᠰᠠᠨ ᠪᠣᠯ ᠲᠡᠷᠡ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠬᠠᠷᠢᠭᠤᠴᠠᠬᠤ ᠵᠠᠷᠴᠢᠮ︾ ᠶᠣᠰᠣᠭᠠᠷ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠢᠨᠠᠨ ᠪᠤᠳᠤᠬᠤ ᠳᠤᠭᠤᠶᠢᠯᠠᠩ ᠢᠶᠠᠷ ᠪᠦᠷᠢᠯᠳᠦᠬᠦᠨ ᠪᠣᠯᠭᠠᠭᠰᠠᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠶᠠᠷᠢᠯᠴᠠᠬᠤ᠂ ᠤᠲᠠᠰᠤ᠂ ᠸᠢᠴᠠᠲ ᠵᠡᠷᠭᠡ ᠠᠷᠭ᠎ᠠ ᠮᠠᠶ᠋ᠢᠭ ᠢᠶᠠᠷ ᠮᠥᠷᠳᠡᠨ ᠰᠢᠮᠳᠠᠭᠤᠯᠤᠨ ᠪᠠᠶᠢᠴᠠᠭᠠᠵᠤ᠂ ᠵᠦᠶ ᠶᠣᠰᠣᠨ ᠤ ᠰᠢᠯᠲᠠᠭᠠᠨ ᠥᠬᠡᠶ ᠪᠠᠷ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠦᠭᠰᠡᠨ ᠥᠬᠡᠶ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠰᠠᠨᠠᠯ ᠤᠨ ᠵᠠᠬᠢᠳᠠᠯ ᠪᠠᠭᠤᠯᠭᠠᠬᠤ᠂ ᠬᠢᠨᠠᠨ ᠪᠤᠳᠤᠯᠲᠠ ᠬᠢᠯᠭᠡᠭᠰᠡᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠮᠬᠢ ᠵᠢᠷᠤᠮ ᠲᠠᠢ ᠪᠦᠲᠦᠮᠵᠢᠲᠡᠶ ᠶᠠᠪᠤᠭᠳᠠᠬᠤ ᠶᠢ ᠦᠨᠡᠨᠬᠦ ᠪᠠᠲᠤᠯᠠᠪᠠ᠃       ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠳᠤ ᠣᠷᠣᠭᠤᠯᠵᠤ᠂ ᠵᠦᠢᠯ ᠵᠤᠷᠪᠤᠰ ᠳᠠᠷᠠᠭᠠᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠳᠤ ᠣᠷᠣᠭᠤᠯᠵᠤ᠂ ᠡᠬᠡ ᠲᠠᠩᠰᠠ ᠳᠤ ᠠᠰᠠᠭᠤᠳᠠᠯ ᠤᠨ ᠰᠢᠨᠵᠢ ᠴᠢᠨᠠᠷ ᠢ ᠲᠣᠭᠲᠠᠭᠠᠬᠤ᠂ ᠠᠰᠠᠭᠤᠳᠠᠯ ᠤᠨ ᠲᠣᠪᠴᠢ ᠲᠠᠨᠢᠯᠴᠠᠭᠤᠯᠭ᠎ᠠ᠂ ᠠᠰᠠᠭᠤᠳᠠᠯ ᠤᠨ ᠵᠣᠭᠤᠰ ᠤᠨ ᠲᠤᠭ᠎ᠠ᠂ ᠰᠢᠢᠳᠪᠦᠷᠢᠯᠡᠬᠦ ᠰᠠᠨᠠᠯ᠂ ᠴᠡᠭᠴᠡᠯᠡᠨ ᠰᠠᠶᠢᠵᠢᠷᠠᠭᠤᠯᠬᠤ ᠪᠠᠶᠢᠳᠠᠯ᠂ ᠴᠡᠭᠴᠡᠯᠡᠨ ᠰᠠᠶᠢᠵᠢᠷᠠᠭᠤᠯᠬᠤ ᠪᠠᠶᠢᠳᠠᠯ ᠢ ᠱᠠᠯᠠᠪᠳᠠᠭᠤᠯᠬᠤ ᠵᠡᠷᠭᠡ ᠬᠦᠴᠦᠨ ᠵᠦᠢᠯ ᠢ ᠲᠣᠳᠣᠷᠬᠠᠶᠢᠯᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠠᠶᠢᠩᠭᠤᠵᠢᠭᠰᠠᠨ ᠲᠣᠭᠲᠠᠴᠠ ᠶᠢ ᠪᠣᠶ ᠪᠣᠯᠭᠠᠪᠠ᠃ ᠡᠭᠦᠨ ᠤ ᠬᠠᠮᠲᠤ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠦᠨᠳᠦᠰᠦᠯᠡᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠪᠠ ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠴᠠᠭ ᠲᠤᠬᠠᠶ ᠳᠤᠨᠢ ᠲᠠᠩᠰᠠ ᠬᠠᠷᠭᠤᠭᠤᠯᠤᠨ ᠬᠠᠰᠤᠵᠤ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃       ᠣᠲᠣ ᠪᠣᠯᠲᠠᠯ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ᠂ 35.83 ᠲᠦᠮᠡᠨ ᠲᠥᠭᠦᠷᠢᠭ ᠤᠨ ᠤᠤᠯ ᠤᠨ ᠪᠠᠯᠠ ᠮᠥᠩᠭᠦ ᠶᠢᠨ ᠠᠷᠭ᠎ᠠ ᠵᠠᠮ ᠢ ᠪᠤᠴᠠᠭᠠᠨ ᠦᠭᠴᠦ᠂ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ 5 ᠵᠦᠢᠯ ᠤᠨ ᠲᠦᠷᠢᠮ ᠢ  ᠪᠠᠶᠢᠭᠤᠯᠤᠨ  ᠪᠦᠷᠢᠨᠰᠢᠬᠦᠯᠵᠦ᠂ ᠬᠠᠮᠢᠶ᠎ᠠ ᠪᠥᠬᠦᠶ ᠰᠤᠷᠭᠠᠭᠤᠯᠢ 7 ᠵᠦᠢᠯ ᠤᠨ  ᠲᠦᠷᠢᠮ  ᠲᠣᠭᠲᠠᠭᠠᠯ ᠢ  ᠪᠠᠶᠢᠭᠤᠯᠤᠨ ᠪᠦᠷᠢᠨᠰᠢᠬᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠤᠨ ᠲᠤᠬᠠᠶ ︽ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ︾᠂ ᠲᠤᠰᠬᠠᠶ ᠵᠦᠢᠯ ᠤᠨ ᠥᠪᠡᠷ ᠤᠨ ᠪᠠᠶᠢᠴᠠᠭᠠᠯᠲᠠ ᠥᠷᠨᠢᠭᠦᠯᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃             ᠵᠣᠬᠢᠶᠠᠭᠴᠢ᠄ ᠸᠠᠩ ᠢᠦᠶ ᠲᠢᠩ          ᠣᠷᠴᠢᠭᠤᠯᠣᠨᠨᠴᠢ᠄  ᠭᠧ ᠲᠣᠸᠠᠨ ᠯᠢᠶᠡᠨ        
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号