ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠡᠶᠢᠭᠡᠮᠴᠢᠯᠡᠭᠰᠡᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/10
             4 ᠰᠠᠷ᠎ᠠ ᠶᠢᠨ 8 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠡᠶᠢᠭᠡᠮᠴᠢᠯᠡᠭᠰᠡᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠣᠪᠠ᠃

      ᠬᠤᠷᠠᠯ ᠠᠴᠠ᠂ ᠲᠠᠷᠢᠶᠠᠴᠢᠨ ᠡᠷᠦᠬᠡ ᠶᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠠ ᠳᠤ

ᠠᠭᠤᠰᠤᠯᠴᠠᠬᠤ ᠶᠢ ᠠᠬᠢᠭᠤᠯᠬᠤ ᠪᠠᠷ ᠭᠤᠣᠯ ᠬᠠᠷᠠᠯᠲᠠ ᠪᠣᠯᠭᠠᠵᠤ᠂ ᠬᠥᠳᠡᠭᠡ ᠠᠵᠤ ᠠᠬᠤᠢ ᠶᠢᠨ ᠵᠣᠬᠢᠬᠤ

ᠬᠡᠪᠴᠢᠶᠡᠲᠦ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠵᠤ᠂ ᠲᠠᠷᠢᠶᠠᠴᠢᠨ ᠡᠷᠦᠬᠡ ᠶᠢ ᠬᠦᠳᠦᠯᠦᠨ

ᠵᠢᠯᠣᠭᠤᠳᠴᠤ ᠪᠠᠶᠢᠭᠠᠳ ᠥᠪᠡᠷ ᠤᠨ ᠦᠷᠳᠡᠭ ᠢᠶᠠᠷ ᠳᠣᠣᠷ᠎ᠠ᠂ ᠦᠷ᠎ᠡ ᠠᠰᠢᠭ ᠢᠶᠠᠷ ᠥᠨᠳᠥᠷ᠂ ᠣᠳᠣᠬᠢᠴᠢᠯᠠᠭᠰᠠᠨ

ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠨ ᠢᠶᠠᠷ ᠬᠦᠷᠲᠡᠭᠡᠬᠦ

ᠬᠡᠷᠡᠭᠲᠡᠢ᠃ ᠤᠯᠠᠨ ᠡᠰᠢᠵᠢᠭᠰᠡᠨ᠂ ᠲᠤᠰᠬᠠᠶᠢᠵᠢᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ

ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠤᠶᠢᠵᠢᠭᠤᠯᠵᠤ᠂ ᠮᠧᠬᠠᠨᠢᠭᠵᠢᠭᠰᠠᠨ᠂ ᠬᠡᠪᠴᠢᠶᠡᠵᠢᠭᠰᠡᠨ᠂ ᠡᠷᠴᠢᠮᠵᠢᠭᠰᠡᠨ᠂  

ᠦᠷᠢᠰᠦᠯᠳᠣᠬᠡᠨ ᠲᠠᠢ᠂ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠤᠳᠤ ᠦᠶ᠎ᠡ ᠶᠢᠨ ᠲᠠᠷᠢᠶᠠᠯᠠᠩ ᠤᠨ

ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠥᠪᠯᠡᠷᠡᠭᠦᠯᠦᠨ ᠵᠠᠯᠭᠠᠯᠳᠤᠭᠤᠯᠤᠨ ᠲᠦᠯᠬᠢᠨ ᠠᠬᠢᠭᠤᠯᠵᠤ᠂ ᠲᠠᠷᠢᠶᠠᠯᠠᠩ ᠤᠨ

ᠪᠣᠬᠢᠷᠲᠤᠯ ᠦᠭᠡᠢ ᠬᠥᠭᠵᠢᠯᠲᠡ ᠪᠠ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠠᠬᠢᠭᠤᠯᠬᠤ ᠬᠡᠷᠡᠭᠲᠡᠶ᠃

ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠬᠡᠷᠡᠭᠵᠢᠭᠦᠯᠵᠦ᠂

ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠡᠶᠡᠴᠢ ᠴᠣᠭᠴᠠ ᠶᠢᠨ ᠠᠵᠢᠯ ᠤᠨ

ᠢᠳᠡᠪᠬᠢᠵᠢᠯ ᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠬ᠎ᠠ

ᠳᠡᠯᠭᠡᠭᠦᠷ ᠤᠨ ᠡᠷᠡᠭᠦᠯ ᠪᠥᠭᠡᠳ ᠰᠠᠶᠢᠨ ᠬᠥᠭᠵᠢᠯᠲᠡ ᠶᠢ ᠬᠥᠲᠥᠯᠥᠨ ᠵᠢᠯᠣᠭᠤᠳᠬᠤ ᠬᠡᠷᠡᠭᠲᠡᠶ  ᠭᠡᠵᠦ  

ᠴᠢᠬᠤᠯᠠᠴᠢᠯᠠᠪᠠ᠃

       ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠬᠠᠭᠠᠰ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂

ᠪᠣᠯᠪᠠᠰᠤᠷᠠᠯ ᠤᠨ ᠠᠭᠤᠯᠭ᠎ᠠ ᠳᠤ ᠲᠥᠪ᠂ ᠦᠪᠡᠷᠳᠡᠭᠡᠨ ᠵᠠᠰᠠᠬᠤ ᠣᠷᠣᠨ᠂ ᠬᠤᠲᠠ ᠶᠢᠨ ᠲᠠᠷᠢᠶᠠᠯᠠᠩ ᠤᠨ

ᠦᠢᠯᠡᠳᠪᠦᠷᠢᠯᠡᠯ ᠤᠨ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠬᠡᠨ ᠤ ᠠᠵᠢᠯ ᠤᠨ ᠡᠯ᠎ᠡ ᠵᠦᠢᠯ ᠤᠨ

ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠵᠢᠴᠢ ᠲᠠᠷᠢᠶᠠᠯᠠᠩ ᠤᠨ  ᠦᠢᠯᠡᠳᠪᠦᠷᠢᠯᠡᠯ ᠤᠨ ᠨᠡᠶᠢᠭᠡᠮᠴᠢᠯᠡᠭᠰᠡᠨ

ᠦᠢᠯᠡᠴᠢᠯᠡᠬᠡᠨ ᠤ ᠲᠥᠷᠥᠯ ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠵᠢᠴᠢ ᠠᠯᠬᠤᠮ ᠳᠠᠷᠠᠭ᠎ᠠ ᠶᠢ ᠬᠠᠮᠤᠷᠴᠠᠶ᠃

ᠬᠤᠷᠠᠯ ᠤᠨ ᠳᠠᠷᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠦᠢᠯᠡᠴᠢᠯᠡᠬᠡᠨ ᠤ ᠲᠥᠪ ᠤᠨ ᠬᠠᠮᠢᠶ᠎ᠠ

ᠪᠥᠬᠦᠶ ᠠᠵᠢᠯᠲᠠᠨ ᠪᠣᠯᠤᠨ ᠭᠤᠷᠪᠠᠳᠠᠬᠢ ᠡᠲᠡᠭᠡᠳ ᠤᠨ ᠬᠢᠨᠠᠨ ᠬᠡᠮᠵᠢᠬᠦ ᠮᠡᠷᠭᠡᠵᠢᠯ ᠤᠨ ᠨᠢᠭᠡᠴᠡ᠂ ᠡᠯ᠎ᠡ

ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠠᠮᠲᠤ ᠪᠠᠷ ᠲᠠᠷᠢᠶᠠᠯᠠᠩ ᠤᠨ ᠮᠠᠰᠢᠨ

ᠪᠠᠭᠠᠵᠢ ᠶᠢ ᠲᠤᠷᠰᠢᠨ ᠲᠣᠬᠢᠷᠠᠭᠤᠯᠵᠤ᠂ ᠡᠯ᠎ᠡ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ

ᠦᠢᠯᠡᠳᠪᠦᠷᠢᠯᠡᠯ ᠤᠨ ᠠᠵᠢᠯᠯᠠᠭᠠᠨ ᠤ ᠦᠢᠯᠡᠴᠢᠯᠡᠭᠡ ᠶᠢ ᠤᠷᠤᠭᠰᠢᠲᠠᠶ ᠥᠷᠨᠢᠭᠦᠯᠬᠦ ᠬᠡᠷᠡᠭᠲᠡᠶ᠃

       ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ

ᠬᠠᠮᠢᠶ᠎ᠠ ᠪᠥᠬᠦᠶ ᠬᠠᠷᠢᠭᠤᠴᠠᠯᠭᠠᠲᠠᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠦᠢᠯᠡᠴᠢᠯᠡᠬᠡᠨ ᠤ

ᠲᠥᠪ ᠤᠨ ᠬᠠᠮᠢᠶ᠎ᠠ ᠪᠥᠬᠦᠶ ᠠᠵᠢᠯᠲᠠᠨ ᠪᠠ ᠭᠤᠷᠪᠠᠳᠠᠬᠢ ᠡᠲᠡᠭᠡᠳ ᠤᠨ ᠬᠢᠨᠠᠨ ᠬᠡᠮᠵᠢᠬᠦ ᠮᠡᠷᠭᠡᠵᠢᠯ ᠤᠨ ᠨᠢᠭᠡᠴᠡ᠂

ᠡᠯ᠎ᠡ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

       

        ᠰᠤᠷᠪᠤᠯᠵᠢᠯᠠᠭᠴᠢ᠄ ᠵᠠᠩ ᠵᠢᠤᠸᠠᠨ      ᠭᠤᠤ ᠸᠧᠶ

        ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号