ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠴᠡᠴᠡᠷᠯᠢᠭ ᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠶᠠᠭᠠᠷᠠᠯᠲᠠᠶ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/4/10
             ᠬᠠᠪᠤᠷ ᠤᠨ ᠤᠯᠠᠷᠢᠯ ᠪᠣᠯᠬᠤ ᠳᠤ ᠲᠦᠮᠡᠨ ᠪᠣᠳᠠᠰ ᠠᠮᠢᠯᠠᠵᠤ᠂ ᠶᠠᠭ ᠨᠣᠭᠤᠭᠠᠷᠠᠭᠤᠯᠤᠯᠲᠠ ᠶᠢᠨ ᠴᠠᠭ ᠦᠶ᠎ᠡ ᠪᠣᠯᠵᠦ ᠪᠠᠶᠢᠨ᠎ᠠ᠃ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠣᠶᠢᠷ᠎ᠠ ᠶᠢᠨ ᠡᠳᠦᠷ ᠤᠳ ᠲᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠴᠡᠷᠯᠢᠭ ᠤᠨ ᠦᠢᠯᠡᠴᠢᠯᠡᠬᠡᠨ ᠤ ᠲᠥᠪ ᠠᠴᠠ ᠠᠷᠠᠴᠢᠯᠠᠨ ᠬᠠᠮᠠᠭᠠᠯᠠᠬᠤ ᠠᠵᠢᠯᠴᠢᠨ ᠢ ᠵᠣᠬᠢᠶᠠᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠴᠡᠴᠡᠷᠯᠢᠭ᠂ ᠲᠠᠯᠠᠪᠠᠶ᠂ ᠵᠠᠮ ᠤᠨ ᠬᠤᠶᠠᠷ ᠲᠠᠯ᠎ᠠ ᠶᠢᠨ ᠨᠣᠭᠤᠭᠠᠷᠠᠭᠤᠯᠤᠯᠲᠠ ᠶᠢᠨ ᠪᠦᠰᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠠᠷᠠᠴᠢᠯᠠᠨ ᠬᠠᠮᠠᠭᠠᠯᠠᠵᠤ᠂ ᠬᠤᠲᠠ ᠶᠢᠨ  ᠲᠥᠷᠰᠦ ᠪᠠᠶᠢᠳᠡᠯ ᠳᠤ ︽ᠥᠩᠭᠡ︾ ᠨᠡᠮᠡᠷᠢᠯᠡᠨ᠎ᠡ᠃

     ᠬᠠᠪᠤᠷ ᠤᠨ ᠤᠰᠤᠯᠠᠯᠲᠠ ᠪᠣᠯ ᠴᠢᠬᠢ ᠮᠣᠳᠣ ᠶᠢ ᠨᠣᠭᠤᠭᠠᠷᠠᠭᠤᠯᠤᠨ᠂ ᠭᠠᠵᠠᠷ ᠤᠨ ᠳᠤᠯᠠᠭᠠᠨ ᠢ

ᠪᠦᠲᠦᠮᠵᠢᠲᠡᠶ ᠪᠠᠷ ᠨᠡᠮᠡᠭᠳᠡᠭᠦᠯᠦᠨ᠂ ᠴᠢᠬᠢ ᠮᠣᠳᠣᠨ ᠤ ᠰᠣᠶᠣᠭᠠᠯᠠᠯ ᠤᠨ ᠴᠢᠳᠠᠪᠤᠷᠢ ᠶᠢ ᠨᠡᠮᠡᠭᠳᠡᠭᠦᠯᠳᠡᠭ᠃ ᠨᠠᠷᠢᠨ

ᠭᠤᠣᠯ ᠴᠡᠴᠡᠷᠯᠢᠭ ᠲᠤ᠂ ᠠᠵᠢᠯᠴᠢᠳ ᠬᠠᠭᠤᠷᠠᠢ ᠬᠤᠪᠠᠭ᠋ᠠᠢ ᠨᠠᠪᠴᠢ᠂ ᠡᠪᠡᠳᠴᠢᠨ ᠢᠶᠠᠷ ᠦᠬᠦᠭᠰᠡᠨ ᠮᠣᠳᠣᠨ ᠤ

ᠰᠠᠯᠠᠭ᠎ᠠ ᠶᠢ ᠠᠷᠢᠯᠭᠠᠵᠤ᠂ ᠮᠣᠳᠣᠨ ᠤ ᠨᠦᠭᠡ ᠮᠠᠯᠲᠠᠵᠤ᠂ ᠵᠤᠯᠵᠠᠭ᠎ᠠ ᠮᠣᠳᠣ ᠶᠢ ᠤᠰᠤᠯᠠᠵᠤ᠂ ᠨᠠᠪᠴᠢᠨ ᠤ

ᠭᠠᠳᠠᠷᠭᠤ ᠶᠢᠨ ᠲᠣᠭᠤᠰᠣ ᠶᠢ ᠠᠷᠢᠯᠭᠠᠵᠤ᠂ ᠤᠷᠭᠤᠮᠠᠯ ᠤᠨ ᠨᠣᠭᠤᠭᠠᠷᠠᠭᠤᠯᠤᠯᠲᠠ ᠶᠢᠨ ᠨᠤᠷᠮ᠎ᠠ ᠪᠠ

ᠤᠨᠳᠤᠷᠤᠯᠲᠠ ᠶᠢᠨ ᠨᠤᠷᠮ᠎ᠠ ᠶᠢ ᠪᠠᠲᠤᠯᠠᠵᠤ᠂ ᠬᠤᠳᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ

ᠦᠵᠡᠮᠵᠢ ᠶᠢᠨ ᠦᠷ᠎ᠡ ᠠᠰᠢᠭ ᠢ ᠪᠠᠲᠤᠯᠠᠵᠤ ᠪᠠᠶᠢᠨ᠎ᠠ᠃

      ᠣᠶᠢᠯᠠᠭᠠᠭᠰᠠᠨ ᠢᠶᠠᠷ᠂ ᠲᠣᠰ ᠤᠳᠠᠭᠠᠨ ᠤ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ ᠳᠤ ᠨᠡᠶᠢᠲᠡ

14 ᠴᠡᠴᠡᠷᠯᠢᠭ ᠤᠨ ᠲᠠᠯᠠᠪᠠᠶ ᠵᠢᠴᠢ ᠬᠤᠲᠠ ᠶᠢᠨ ᠲᠣᠭᠤᠷᠢᠭ ᠤᠨ ᠳᠣᠲᠣᠷᠠᠬᠢ ᠡᠯ᠎ᠡ ᠭᠤᠤᠯ ᠳᠡᠳ᠋ ᠵᠡᠭᠡᠯᠢ

ᠭᠤᠳᠤᠮᠵᠢ ᠶᠢ ᠠᠷᠠᠴᠢᠯᠠᠨ ᠬᠠᠮᠠᠭᠠᠯᠠᠵᠤ᠂ ᠨᠣᠭᠤᠭᠠᠷᠠᠭᠤᠯᠤᠯᠲᠠ ᠶᠢᠨ ᠲᠠᠯᠠᠪᠠᠶ ᠨᠢ ᠪᠠᠷᠤᠭ 438.32 ᠲᠦᠮᠡᠨ

ᠲᠡᠭᠰᠢ ᠳᠥᠷᠪᠡᠯᠵᠢᠨ ᠮᠧᠲᠷ ᠲᠤ ᠬᠦᠷᠴᠦ᠂ ᠣᠲᠣ ᠪᠣᠯᠲᠠᠯ᠎ᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠴᠡᠴᠡᠷᠯᠢᠭ ᠤᠨ ᠦᠢᠯᠡᠴᠢᠯᠡᠬᠡᠨ ᠤ ᠲᠥᠪ ᠠᠴᠠ ᠨᠣᠭᠤᠭᠠᠷᠠᠭᠤᠯᠤᠯᠲᠠ ᠶᠢᠨ ᠤᠰᠤ ᠰᠦᠷᠴᠢᠬᠦ ᠲᠡᠷᠭᠡ ᠶᠢ ᠨᠡᠶᠢᠲᠡ

20 ᠤᠳᠠᠭ᠎ᠠ ᠬᠥᠳᠡᠯᠭᠡᠵᠦ᠂ ᠠᠷᠠᠴᠢᠯᠠᠨ ᠬᠠᠮᠠᠭᠠᠯᠠᠭᠴᠢ ᠶᠢ ᠪᠠᠷᠤᠭ 80 ᠬᠥᠮᠦᠨ ᠤᠳᠠᠭ᠎ᠠ ᠬᠥᠳᠡᠯᠭᠡᠵᠡᠶ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠴᠡᠷᠯᠢᠭ ᠤᠨ ᠦᠢᠯᠡᠴᠢᠯᠡᠬᠡᠨ ᠤ ᠲᠥᠪ ᠤᠨ

ᠡᠷᠬᠢᠯᠡᠭᠴᠢ ᠭᠦᠸᠧ ᠵᠢᠶᠦ᠋ᠨ ᠫᠢᠩ᠄ ︽ᠬᠠᠪᠤᠷ ᠤᠨ ᠤᠯᠠᠷᠢᠯ ᠪᠣᠯ ᠤᠷᠭᠤᠮᠠᠯ ᠢ ᠠᠷᠠᠴᠢᠯᠠᠨ ᠬᠠᠮᠠᠭᠠᠯᠠᠬᠤ

ᠵᠠᠩᠭᠢᠯᠠᠭ᠎ᠠ ᠶᠢᠨ ᠬᠤᠭᠤᠴᠠᠭ᠎ᠠ ᠮᠥᠨ᠂ ᠴᠡᠴᠡᠷᠯᠢᠭ ᠤᠨ ᠦᠢᠯᠡᠴᠢᠯᠡᠬᠡᠨ ᠤ ᠲᠥᠪ ᠶᠡᠭᠡ ᠬᠡᠮᠵᠢᠶᠡᠨ ᠤ ᠬᠥᠮᠦᠰ ᠢ

ᠵᠣᠬᠢᠶᠠᠨ ᠪᠠᠶᠢᠭᠤᠯᠵᠤ ᠲᠠᠯᠠᠪᠠᠶ᠂ ᠴᠡᠴᠡᠷᠯᠢᠭ᠂ ᠵᠠᠮ ᠤᠨ ᠨᠣᠭᠤᠭᠠᠷᠠᠭᠤᠯᠤᠯᠲᠠ ᠳᠤ ᠴᠢᠬᠢ ᠮᠣᠳᠣ ᠶᠢ ᠴᠠᠭ

ᠲᠤᠬᠠᠶ ᠳᠤᠨᠢ ᠠᠷᠠᠴᠢᠯᠠᠨ ᠬᠠᠮᠠᠭᠠᠯᠠᠵᠤ᠂ ᠬᠤᠲᠠ ᠶᠢᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ

ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠥᠷᠭᠡᠨ ᠣᠯᠠᠨ ᠰᠠᠭᠤᠭᠠᠯᠢ ᠠᠷᠠᠳ ᠲᠤ ᠣᠷᠣᠰᠢᠨ ᠰᠠᠭᠤᠬᠤ ᠳᠤ

ᠲᠣᠬᠢᠷᠠᠮᠵᠢᠲᠠᠶ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ ᠥᠭᠭᠦᠨ᠎ᠡ︾  ᠭᠡᠪᠡ᠃

           ᠰᠤᠷᠪᠤᠯᠵᠢᠯᠠᠭᠴᠢ᠄ ᠸᠠᠩ ᡁᠢ ᠹᠠᠩ       ᠵᠠᠩ ᠹᠸᠢ ᠢᠦᠶ

           ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号