| 4 ᠰᠠᠷ᠎ᠠ ᠶᠢᠨ 8 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠡᠶᠢᠭᠡᠮᠴᠢᠯᠡᠭᠰᠡᠨ | ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠣᠪᠠ᠃ | | | | | ᠬᠤᠷᠠᠯ ᠠᠴᠠ᠂ ᠲᠠᠷᠢᠶᠠᠴᠢᠨ ᠡᠷᠦᠬᠡ ᠶᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠠ ᠳᠤ | ᠠᠭᠤᠰᠤᠯᠴᠠᠬᠤ ᠶᠢ ᠠᠬᠢᠭᠤᠯᠬᠤ ᠪᠠᠷ ᠭᠤᠣᠯ ᠬᠠᠷᠠᠯᠲᠠ ᠪᠣᠯᠭᠠᠵᠤ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ | ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠵᠤ᠂ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ | ᠥᠪᠡᠷ ᠤᠨ ᠦᠷᠳᠡᠭ ᠢᠶᠠᠷ ᠳᠣᠣᠷ᠎ᠠ᠂ ᠦᠷ᠎ᠡ ᠠᠰᠢᠭ ᠢᠶᠠᠷ ᠥᠨᠳᠥᠷ᠂ ᠣᠳᠣᠬᠢᠴᠢᠯᠠᠭᠰᠠᠨ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠨ ᠢᠶᠠᠷ ᠬᠦᠷᠲᠡᠭᠡᠬᠦ ᠬᠡᠷᠡᠭᠲᠡᠢ᠃ ᠤᠯᠠᠨ ᠡᠰᠢᠵᠢᠭᠰᠡᠨ᠂ | ᠲᠤᠰᠬᠠᠶᠢᠵᠢᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠬ᠎ᠠ ᠳᠡᠯᠭᠡᠭᠦᠷ ᠢ | ᠪᠤᠶᠢᠵᠢᠭᠤᠯᠵᠤ᠂ ᠮᠧᠬᠠᠨᠢᠭᠵᠢᠭᠰᠠᠨ᠂ ᠬᠡᠪᠴᠢᠶᠡᠵᠢᠭᠰᠡᠨ᠂ ᠡᠷᠴᠢᠮᠵᠢᠭᠰᠡᠨ᠂ ᠦᠷᠢᠰᠦᠯᠳᠣᠬᠡᠨ ᠲᠠᠢ᠂ ᠪᠣᠬᠢᠷᠲᠤᠯ ᠦᠭᠡᠢ | ᠥᠨᠳᠥᠷ ᠦᠷ᠎ᠡ ᠠᠰᠢᠭ ᠲᠠᠢ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠥᠪᠯᠡᠷᠡᠭᠦᠯᠦᠨ | ᠵᠠᠯᠭᠠᠯᠳᠤᠭᠤᠯᠤᠨ ᠲᠦᠯᠬᠢᠨ ᠠᠬᠢᠭᠤᠯᠵᠤ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠪᠠ ᠡᠬᠢ ᠪᠠᠶᠠᠯᠢᠭ ᠤᠨ | ᠦᠷᠭᠦᠯᠵᠢᠯᠡᠬᠦ ᠠᠰᠢᠭᠯᠠᠯᠲᠠ ᠶᠢ ᠠᠬᠢᠭᠤᠯᠬᠤ ᠬᠡᠷᠡᠭᠲᠡᠶ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠰᠢᠨᠵᠢᠯᠡᠬᠦ | ᠤᠬᠠᠭᠠᠨᠴᠢ ᠪᠠᠷ ᠵᠢᠷᠤᠮᠵᠢᠭᠤᠯᠤᠨ ᠬᠡᠷᠡᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠪᠡᠶᠡᠴᠢ ᠴᠣᠭᠴᠠ ᠶᠢᠨ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠷᠡᠭᠦᠯ ᠪᠥᠭᠡᠳ ᠰᠠᠶᠢᠨ ᠬᠥᠭᠵᠢᠯᠲᠡ ᠶᠢ | ᠬᠥᠲᠥᠯᠥᠨ ᠵᠢᠯᠣᠭᠤᠳᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠬᠠᠭᠠᠰ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ | ᠪᠣᠯᠪᠠᠰᠤᠷᠠᠯ ᠤᠨ ᠠᠭᠤᠯᠭ᠎ᠠ ᠳᠤ ᠲᠥᠪ᠂ ᠦᠪᠡᠷᠳᠡᠭᠡᠨ ᠵᠠᠰᠠᠬᠤ ᠣᠷᠣᠨ᠂ ᠬᠤᠲᠠ ᠶᠢᠨ ᠲᠠᠷᠢᠶᠠᠯᠠᠩ ᠤᠨ | ᠦᠢᠯᠡᠳᠪᠦᠷᠢᠯᠡᠯ ᠤᠨ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠬᠡᠨ ᠤ ᠠᠵᠢᠯ ᠤᠨ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠬᠡᠨ ᠤ ᠲᠥᠷᠥᠯ | ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠵᠢᠴᠢ ᠠᠯᠬᠤᠮ ᠳᠠᠷᠠᠭ᠎ᠠ ᠶᠢ ᠬᠠᠮᠤᠷᠴᠠᠶ᠃ ᠬᠤᠷᠠᠯ ᠤᠨ ᠳᠠᠷᠠᠭ᠎ᠠ᠂ ᠮᠠᠯᠵᠢᠬᠤ | ᠲᠠᠷᠢᠶᠠᠯᠠᠬᠤ ᠣᠷᠣᠨ ᠤ ᠠᠵᠤ ᠠᠬᠤᠶ ᠶᠢᠨ ᠦᠢᠯᠡᠴᠢᠯᠡᠬᠡᠨ ᠤ ᠲᠥᠪ ᠤᠨ ᠬᠠᠮᠢᠶ᠎ᠠ ᠪᠥᠬᠦᠶ ᠠᠵᠢᠯᠲᠠᠨ ᠪᠣᠯᠤᠨ ᠭᠤᠷᠪᠠᠳᠠᠬᠢ | ᠡᠲᠡᠭᠡᠳ ᠤᠨ ᠬᠢᠨᠠᠨ ᠬᠡᠮᠵᠢᠬᠦ ᠮᠡᠷᠭᠡᠵᠢᠯ ᠤᠨ ᠨᠢᠭᠡᠴᠡ᠂ ᠡᠯ᠎ᠡ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠬᠠᠮᠲᠤ ᠪᠠᠷ ᠲᠠᠷᠢᠶᠠᠯᠠᠩ ᠤᠨ ᠮᠠᠰᠢᠨ ᠪᠠᠭᠠᠵᠢ ᠶᠢ ᠲᠤᠷᠰᠢᠨ ᠲᠣᠬᠢᠷᠠᠭᠤᠯᠵᠤ᠂ ᠡᠯ᠎ᠡ ᠦᠢᠯᠡᠴᠢᠯᠡᠬᠡᠨ ᠤ | ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯᠯᠠᠭᠠᠨ ᠤ ᠦᠢᠯᠡᠴᠢᠯᠡᠭᠡ ᠶᠢ ᠤᠷᠤᠭᠰᠢᠲᠠᠶ | ᠥᠷᠨᠢᠭᠦᠯᠬᠦ ᠬᠡᠷᠡᠭᠲᠡᠶ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ | ᠪᠥᠬᠦᠶ ᠬᠠᠷᠢᠭᠤᠴᠠᠯᠭᠠᠲᠠᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠦᠢᠯᠡᠴᠢᠯᠡᠬᠡᠨ ᠤ ᠲᠥᠪ ᠤᠨ ᠬᠠᠮᠢᠶ᠎ᠠ | ᠪᠥᠬᠦᠶ ᠠᠵᠢᠯᠲᠠᠨ ᠪᠠ ᠭᠤᠷᠪᠠᠳᠠᠬᠢ ᠡᠲᠡᠭᠡᠳ ᠤᠨ ᠬᠢᠨᠠᠨ ᠬᠡᠮᠵᠢᠬᠦ ᠮᠡᠷᠭᠡᠵᠢᠯ ᠤᠨ ᠨᠢᠭᠡᠴᠡ᠂ ᠡᠯ᠎ᠡ ᠦᠢᠯᠡᠴᠢᠯᠡᠬᠡᠨ ᠤ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠰᠤᠷᠪᠤᠯᠵᠢᠯᠠᠭᠴᠢ᠄ ᠵᠠᠩ ᠵᠢᠤᠸᠠᠨ ᠭᠤᠤ ᠸᠧᠶ | ᠣᠷᠴᠢᠭᠤᠯᠣᠨᠨᠴᠢ᠄ ᠭᠧ ᠲᠣᠸᠠᠨ ᠯᠢᠶᠡᠨ | | |