ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠦᠢᠳᠡᠨᠰᠢᠯᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/11
            ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠦᠢᠳᠡᠨᠰᠢᠯᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃

      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠣᠯᠤᠨ ᠦᠵᠡᠮᠵᠢ ᠶᠢᠨ ᠣᠷᠣᠨ ᠤ

ᠠᠵᠢᠯᠲᠠᠳ ᠬᠠᠮᠲᠤ ᠪᠠᠷ ᠳᠡᠭᠦᠵᠢᠩ ᠵᠠᠮ ᠳᠠᠭᠠᠤ ᠵᠢᠴᠢ ᠳᠡᠭᠦᠵᠢᠩ ᠵᠠᠮ ᠤᠨ ᠲᠥᠬᠦᠭᠡᠷᠦᠮᠵᠢ ᠶᠢ ᠲᠤᠬᠠᠶ ᠶᠢᠨ

ᠭᠠᠵᠠᠷ ᠲᠤᠨᠢ ᠪᠠᠶᠢᠴᠠᠭᠠᠨ ᠦᠵᠡᠵᠦ᠂ ᠳᠡᠭᠦᠵᠢᠩ ᠵᠠᠮ ᠤᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ

ᠣᠶᠢᠯᠠᠭᠠᠵᠤ᠂ ᠳᠡᠭᠦᠵᠢᠩ ᠵᠠᠮ ᠤᠨ ᠠᠵᠢᠯᠯᠠᠭᠠᠨ᠂ ᠠᠮᠤᠷ ᠲᠦᠪᠰᠢᠨ ᠤ ᠪᠠᠶᠢᠴᠠᠭᠠᠯᠲᠠ ᠵᠡᠷᠭᠡ ᠠᠮᠤᠷ ᠲᠦᠪᠰᠢᠨ ᠤ

ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ᠂

ᠬᠠᠮᠢᠶ᠎ᠠ ᠪᠥᠬᠦᠶ ᠡᠵᠡᠩᠨᠡᠯᠲᠡ ᠶᠢᠨ ᠨᠢᠭᠡᠴᠡ ᠶᠢ ᠡᠳᠦᠷ ᠪᠦᠷᠢ ᠲᠤᠷᠰᠢᠨ ᠠᠵᠢᠯᠯᠠᠭᠤᠯᠬᠤ᠂ ᠵᠤᠷᠰᠢᠯ ᠤᠨ ᠴᠢᠨᠠᠷᠲᠠᠶ

ᠠᠮᠤᠷ ᠲᠦᠪᠰᠢᠨ ᠤ ᠪᠠᠶᠢᠴᠠᠭᠠᠯᠲᠠ ᠬᠢᠬᠦ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠡᠷᠭᠡ ᠠᠮᠤᠷ

ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃

     ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠦᠭᠡᠪᠦᠷ ᠪᠠᠯᠭᠠᠰᠤᠨ ᠤ

ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠷᠧᠨ ᠰᠢᠤᠸᠠᠢ ᠬᠤᠶ ᠬᠡᠯᠡᠬᠦ ᠳᠡᠭᠡᠨ᠄ ︽ᠮᠠᠨ ᠤ

ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠢᠨᠠᠯᠲᠠ

ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ

ᠲᠠᠯ᠎ᠠ ᠶᠢᠨ ᠬᠢᠨ ᠢ ᠰᠢᠪᠠᠳᠠᠵᠤ ᠪᠠᠶᠢᠭᠠᠳ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ ᠤᠨ ᠡᠳᠦᠷ

ᠲᠤᠲᠤᠮ ᠤᠨ ᠬᠠᠮᠠᠭᠠᠯᠠᠯᠲᠠ ᠶᠢᠨ ᠲᠡᠮᠳᠡᠭᠯᠡᠯ᠂ ᠠᠵᠢᠯᠯᠠᠭᠴᠢ ᠶᠢᠨ ᠬᠢᠷᠢ ᠬᠡᠮ ᠵᠡᠷᠭᠡ ᠳᠤ ᠴᠢᠩᠭ᠎ᠠ ᠬᠢᠨᠠᠨ

ᠪᠠᠶᠢᠴᠠᠭᠠᠯᠲᠠ ᠬᠢᠯᠭᠡᠵᠦ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠦ᠂ ᠵᠢᠭᠤᠯᠴᠢᠯᠠᠭᠴᠢᠳ ᠤᠨ ᠠᠮᠤᠷ

ᠲᠦᠪᠰᠢᠨ ᠢ ᠪᠠᠲᠤᠯᠠᠨ᠎ᠠ︾ ᠭᠡᠵᠡᠶ᠃

      ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ

ᠥᠷᠨᠢᠭᠦᠯᠬᠦ ᠪᠠᠷ ᠳᠠᠮᠵᠢᠭᠤᠯᠤᠨ᠂ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ ᠤᠨ ᠠᠮᠤᠷ ᠲᠦᠪᠰᠢᠨ ᠤ ᠬᠡᠮ

ᠰᠣᠭᠤᠭ ᠢ ᠴᠠᠭ ᠲᠤᠬᠠᠶ ᠳᠤᠨᠢ ᠢᠯᠡᠷᠡᠭᠦᠯᠬᠦ ᠪᠠ ᠠᠷᠢᠯᠭᠠᠵᠤ᠂ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ

ᠵᠠᠮ ᠤᠨ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂

ᠵᠢᠭᠤᠯᠴᠢᠯᠠᠭᠴᠢᠳ ᠲᠤ ︽ᠠᠮᠤᠷ ᠲᠦᠪᠰᠢᠨ ᠤ ᠪᠦᠰᠡ︾ ᠶᠢ ᠦᠨᠡᠨᠬᠦ ᠰᠠᠶᠢᠲᠤᠷ ᠤᠶᠠᠵᠤ᠂ ᠵᠢᠭᠤᠯᠴᠢᠯᠠᠭᠴᠢᠳ ᠢ

ᠪᠠᠶᠠᠷ ᠬᠥᠷ ᠲᠠᠢ᠂ ᠰᠡᠳᠬᠢᠯ ᠠᠮᠤᠷ ᠵᠤᠭᠠᠴᠠᠨ ᠨᠠᠭᠠᠳᠴᠤ᠂ ᠰᠡᠳᠬᠢᠯ ᠬᠠᠨᠤᠮᠵᠢᠲᠠᠶ ᠪᠤᠴᠠᠬᠤ ᠪᠣᠯᠭᠠᠨ᠎ᠠ᠃

          ᠰᠤᠷᠪᠤᠯᠵᠢᠯᠠᠭᠴᠢ᠄ ᠱᠠᠨ ᠮᠢᠶᠣᠣ    ᠶᠠᠩ  ᠸᠧᠨ ᠶᠠᠨ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号