ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠣᠳᠠᠭᠠᠨ ᠤ ᠬᠤᠷᠡᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/4/11
           4 ᠰᠠᠷ᠎ᠠ ᠶᠢᠨ 10 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ  ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠶᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠦᠷᠠᠨᠴᠢᠮᠡᠭ᠂ ᠰᠣ᠋ ᡁᠢ ᠪᠢᠶᠣᠤ᠂ ᠵᠠᠩ ᡁᠢ᠂ ᠯᠢᠦᠶ ᠱᠣ᠋ ᠶᠠᠨ ᠵᠢᠴᠢ ᠪᠠᠶᠢᠩᠭᠤ  ᠶᠢᠨ ᠭᠡᠰᠢᠭᠦᠳ ᠬᠤᠷᠠᠯ ᠳᠤ ᠣᠷᠣᠯᠴᠠᠪᠠ᠃

      ᠬᠤᠷᠠᠯ ᠳᠤ ᠣᠷᠣᠯᠴᠠᠬᠤ ᠶᠣᠰᠣᠲᠠᠶ ᠬᠥᠮᠦᠨ 20᠂ ᠪᠣᠳᠠᠲᠠᠶ ᠣᠷᠣᠯᠴᠠᠭᠰᠠᠨ ᠬᠥᠮᠦᠨ 19 ᠪᠠᠶᠢᠵᠤ᠂

ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠲᠣᠭᠲᠠᠭᠠᠯ ᠳᠤ ᠨᠡᠶᠢᠴᠡᠨ᠎ᠡ᠃ ᠬᠤᠰᠢᠭᠤᠨ ᠤ ᠨᠠᠮ ᠤᠨ

ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ

ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠠᠲᠤᠵᠢᠷᠭᠠᠯ᠂ ᠬᠤᠰᠢᠭᠤᠨ ᠤ ᠨᠠᠮ ᠤᠨ

ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠥᠬᠦᠶ ᠨᠥᠬᠦᠳ

ᠤᠷᠢᠯᠭ᠎ᠠ ᠪᠠᠷ ᠬᠤᠷᠠᠯ ᠳᠤ ᠣᠷᠣᠯᠴᠠᠵᠠᠶ᠃

      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ  ᠤᠨ 2024 ᠣᠨ ᠤ ᠬᠠᠪᠤᠷ ᠤᠨ ᠤᠯᠠᠷᠢᠯ ᠤᠨ

ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ

ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠦᠶ᠎ᠡ ᠶᠢᠨ ᠴᠢᠬᠤᠯᠠ

ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ

ᠲᠥᠷᠥ ᠶᠢᠨ ᠵᠥᠪᠯᠡᠯᠭᠡᠨ ᠤ 2024 ᠣᠨ ᠤ ᠠᠵᠢᠯ ᠤᠨ ᠭᠤᠤᠯᠳᠠᠯᠭ᠎ᠠ ︵ᠬᠢᠨᠠᠨ ᠵᠥᠪᠯᠡᠬᠦ ᠨᠣᠤᠷᠠᠭ︶︾ ︽

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ 2024 ᠣᠨ ᠤ ᠵᠥᠪᠯᠡᠬᠦ

ᠠᠵᠢᠯ ᠤᠨ ᠲᠥᠯᠥᠪᠯᠡᠭᠡ ︵ᠬᠢᠨᠠᠨ ᠵᠥᠪᠯᠡᠬᠦ ᠨᠣᠤᠷᠠᠭ︶︾ ᠶᠢ ᠬᠢᠨᠠᠨ ᠵᠥᠪᠯᠡᠵᠦ ᠪᠠᠲᠤᠯᠠᠪᠠ᠃ ᠤᠯᠤᠰ ᠲᠦᠷᠦ ᠶᠢᠨ

ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠢᠶᠠᠨ ᠤ

ᠭᠤᠷᠪᠠᠳᠤᠭᠠᠷ ᠬᠤᠷᠠᠯᠳᠤᠭᠠᠨ ᠤ ᠭᠤᠣᠯᠳᠠᠯᠭ᠎ᠠ ᠲᠠᠢ ᠰᠠᠨᠠᠯ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠬᠡᠷᠡᠭ

ᠶᠠᠪᠤᠳᠠᠯ ᠢ ᠵᠦᠪᠳᠡᠯᠴᠡᠪᠡ᠃

      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ

ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠢᠯᠠᠩᠭᠤᠶ᠎ᠠ ︽ᠵᠠᠩᠭᠢᠯᠠᠭ᠎ᠠ ᠶᠢᠨ ᠴᠥᠭᠡᠨ

ᠲᠣᠭᠠᠲᠠᠨ︾ ᠪᠣᠯᠤᠭᠰᠠᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠳᠡᠭᠡᠳᠦ ᠬᠡᠮᠵᠢᠶᠡᠨ ᠤ

ᠬᠠᠷᠢᠭᠤᠴᠠᠯᠭᠠᠲᠤ ᠰᠡᠳᠬᠢᠯᠭᠡ ᠪᠠᠷ ᠡᠨᠡ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠭᠤᠰᠢᠯᠠᠭᠤᠯᠣᠨ

ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠷᠭᠡᠨ ᠣᠯᠠᠨ ᠭᠡᠰᠢᠭᠦᠳ ᠢ ᠳᠠᠶᠢᠴᠢᠯᠠᠨ ᠡᠭᠦᠷᠭᠡ

ᠬᠠᠷᠢᠭᠤᠴᠠᠯᠭ᠎ᠠ ᠪᠠᠨ ᠨᠠᠩ ᠰᠠᠶᠢᠨ ᠭᠦᠢᠴᠡᠳᠭᠡᠵᠦ ᠦᠢᠯᠡᠳᠣᠯ ᠢ ᠨᠢ ᠪᠠᠳᠠᠷᠠᠭᠤᠯᠵᠤ᠂ ᠬᠦᠴᠦᠨ ᠢᠶᠠᠨ

ᠲᠥᠪᠯᠡᠷᠡᠭᠦᠯᠦᠨ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠶ᠃ ᠶᠤᠸᠠᠢ ᠶᠠᠨ ᠮᠧᠶ ᠲᠡᠷᠢᠭᠦᠯᠡᠭᠴᠢ ᠮᠠᠨ ᠤ

ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠬᠦ ᠳᠡᠭᠡᠨ ᠳᠤᠷᠠᠳᠤᠭᠰᠠᠨ ᠪᠣᠳᠠᠲᠠᠶ ᠱᠠᠭᠠᠷᠳᠠᠯᠭ᠎ᠠ ᠶᠢ ᠪᠥᠬᠦ

ᠵᠢᠯ ᠤᠨ ᠠᠵᠢᠯ ᠤᠨ ᠳᠤᠮᠳᠠ ᠪᠠᠨ ᠲᠣᠭᠤᠰᠢᠯᠠᠭᠤᠯᠵᠦ᠂ ᠴᠢᠬᠤᠯᠠ ᠲᠥᠯᠥᠪᠯᠡᠭᠡ ᠶᠣᠰᠣᠭᠠᠷ ᠡᠯ᠎ᠡ  ᠵᠦᠢᠯ ᠤᠨ

ᠠᠵᠢᠯ ᠢᠶᠠᠨ ᠴᠠᠭ ᠲᠤᠬᠠᠶ ᠳᠤᠨᠢ ᠪᠦᠲᠦᠮᠵᠢᠲᠡᠶ ᠥᠷᠨᠢᠭᠦᠯᠬᠦ ᠬᠡᠷᠡᠭᠲᠡᠶ᠃ ᠮᠠᠨ ᠤ ᠬᠤᠰᠢᠭᠤ ᠥᠪᠡᠷᠲᠡᠭᠡᠨ ᠵᠠᠰᠠᠬᠤ

ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ

ᠵᠠᠩᠭᠢ ᠶᠢᠨ ᠰᠢᠭᠤᠳ ᠮᠡᠳᠡᠭᠦᠯᠬᠦ ᠴᠡᠭ ᠪᠣᠯᠤᠭᠰᠠᠨ ᠤ ᠬᠤᠪᠢ ᠳᠤ᠂ ᠨᠠᠩ ᠣᠯᠠᠨ ᠴᠢᠨᠠᠷ ᠰᠠᠶᠢᠲᠠᠶ᠂ ᠥᠪᠡᠷᠮᠢᠴᠡ

ᠣᠨᠴᠠᠯᠢᠭ ᠲᠠᠢ ᠤᠯᠤᠰ ᠲᠥᠷᠥ ᠶᠢᠨ ᠵᠥᠪᠯᠡᠯᠭᠡᠨ ᠤ ᠮᠡᠳᠡᠭᠡ ᠵᠠᠩᠭᠢ ᠶᠢ ᠬᠦᠴᠦᠯᠡᠨ ᠪᠣᠶ ᠪᠣᠯᠭᠠᠵᠤ᠂ ᠨᠡᠶᠢᠭᠡᠮ ᠤᠨ

ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠲᠤᠰᠬᠠᠬᠤ ᠠᠵᠢᠯ ᠢ ᠦᠨᠡᠨᠬᠦ ᠦᠨᠳᠦᠰᠦᠨ ᠱᠠᠲᠤᠨ ᠤ

ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠴᠢᠳᠠᠪᠤᠷᠢ ᠪᠠᠨ ᠭᠦᠢᠴᠡᠳᠭᠡᠬᠦ ᠪᠦᠲᠦᠮᠵᠢᠲᠡᠶ ᠬᠡᠯᠪᠡᠷᠢ ᠪᠠ ᠠᠷᠠᠳ ᠤᠨ

ᠰᠠᠨᠠᠭ᠎ᠠ ᠶᠢ ᠲᠤᠰᠬᠠᠬᠤ᠂ ᠠᠷᠠᠳ ᠤᠨ ᠣᠶᠤᠨ ᠤᠬᠠᠭᠠᠨ ᠢ ᠬᠤᠷᠠᠮᠳᠤᠭᠤᠯᠬᠤ᠂ ᠬᠠᠮᠲᠤ ᠶᠢᠨ ᠲᠠᠨᠢᠯᠲᠠ ᠶᠢ

ᠨᠢᠭᠲᠠᠷᠠᠭᠤᠯᠬᠤ ᠴᠢᠬᠤᠯᠠ ᠠᠷᠭ᠎ᠠ ᠵᠠᠮ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠰᠠᠨᠠᠯ ᠳᠤᠷᠠᠳᠤᠯᠭ᠎ᠠ ᠶᠢ

ᠰᠢᠶ᠋ᠳᠪᠦᠷᠢᠯᠡᠵᠦ ᠦᠨᠡᠯᠡᠬᠦ ᠪᠠᠷᠢᠮᠵᠢᠶ᠎ᠠ ᠪᠠ ᠦᠨᠡᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂

ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ

ᠬᠤᠷᠠᠯ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠ ᠰᠢᠪᠠᠳᠠᠨ  ᠰᠢᠢᠳᠪᠦᠷᠢᠯᠡᠬᠦᠯᠬᠦ ᠠᠵᠢᠯ ᠢ ᠦᠨᠡᠨᠬᠦ ᠰᠠᠶᠢᠲᠤᠷ

ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃

      ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠡᠯ᠎ᠡ ᠵᠥᠪᠯᠡᠯ ᠤᠨ ᠠᠯᠪᠠᠨ ᠬᠡᠷ ᠤᠨ

ᠡᠷᠬᠢᠯᠡᠭᠴᠢ᠂ ᠳᠡᠳ᠋ ᠡᠷᠬᠢᠯᠡᠭᠴᠢ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ

ᠳᠠᠷᠤᠭ᠎ᠠ ᠬᠤᠷᠠᠯ ᠳᠤ ᠰᠤᠯᠠ ᠣᠷᠣᠯᠴᠠᠪᠠ᠃

 

            ᠰᠤᠷᠪᠤᠯᠵᠢᠯᠠᠭᠴᠢ᠄ ᠵᠠᠩ ᠵᠢᠤᠸᠠᠨ      ᠭᠤᠤ ᠸᠧᠶ

           ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号