ᠴᠢᠨᠠᠷ ᠰᠠᠶᠢᠲᠠᠢ ᠰᠣᠶᠣᠯ ᠵᠢᠭᠤᠯᠴᠢᠯᠠᠯ ᠤᠨ ᠠᠭᠤᠰᠤᠯᠴᠠᠯ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/15
                   4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶ᠎ᠠ ᠵᠢᠷᠭᠤᠳᠤᠭᠠᠷ ᠤᠳᠠᠭᠠᠨ ᠤ ᠠᠵᠢᠯ ᠤᠨ ᠬᠤᠷᠠᠯ ᠵᠢᠴᠢ ᠲᠥᠪᠯᠡᠷᠡᠭᠦᠯᠦᠨ ᠰᠤᠷᠤᠯᠴᠠᠵᠤ᠂ ᠪᠦᠬᠦ ᠬᠤᠲᠠ ᠶᠢᠨ ᠰᠣᠶᠣᠯ ᠵᠤᠭᠠᠴᠠᠯ ᠤᠨ ᠠᠭᠤᠰᠤᠯᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠵᠢᠴᠢ ︽ᠮᠦᠽᠧᠶ ᠶᠢᠨ ᠰᠤᠷᠭᠠᠨ ᠬᠥᠮᠦᠵᠢᠯ ᠤᠨ ᠴᠢᠳᠠᠮᠵᠢ ᠶᠢ ᠨᠠᠩ ᠰᠠᠶᠢᠲᠤᠷ ᠪᠠᠳᠠᠷᠠᠭᠤᠯᠬᠤ︾ ᠵᠡᠷᠭᠡ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ᠂ ᠲᠣᠰ ᠤᠳᠠᠭᠠᠨ ᠤ ᠰᠤᠷᠤᠯᠴᠠᠯᠭ᠎ᠠ ᠶᠢ ᠳᠡᠳ᠋ ᠲᠣᠪᠴᠢᠶᠠᠨ ᠳᠠᠷᠤᠭ᠎ᠠ ᠯᠢᠦ ᠶᠦᠩ ᠪᠢᠨ ᠡᠷᠭᠢᠯᠡᠵᠦ᠂ ᠪᠥᠬᠦ ᠲᠣᠪᠴᠢᠶᠠᠨ ᠤ ᠺᠠᠳ᠋ᠷ ᠠᠵᠢᠯᠲᠠᠨ ᠣᠷᠣᠯᠴᠠᠪᠠ᠃

     ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠯᠢᠦ ᠹᠧᠩ ᠪᠥᠬᠦ ᠬᠤᠲᠠ ᠶᠢᠨ ᠰᠣᠶᠣᠯ ᠵᠢᠭᠤᠯᠴᠢᠯᠠᠯ ᠢ

ᠠᠭᠤᠰᠤᠯᠴᠠᠭᠤᠯᠤᠨ ᠴᠢᠨᠠᠷ ᠰᠠᠶᠢᠲᠠᠶ ᠬᠥᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ

ᠤᠯᠠᠮᠵᠢᠯᠠᠨ ᠰᠤᠷᠤᠯᠴᠠᠵᠤ᠂ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶ ᠲᠠᠨᠢᠵᠤ᠂

ᠰᠣᠶᠣᠯ ᠥᠬᠡᠶ ᠵᠢᠭᠤᠯᠴᠢᠯᠠᠯ ᠡᠴᠦᠰ ᠲᠡᠭᠡᠨ ᠬᠤᠯᠠ ᠶᠠᠪᠣᠵᠦ ᠴᠢᠳᠠᠬᠤ ᠦᠭᠡᠢ ᠭᠡᠵᠦ ᠴᠢᠬᠤᠯᠠᠴᠢᠯᠠᠪᠠ᠃ ᠲᠡᠷᠡ

ᠵᠢᠭᠠᠬᠤ ᠳᠠᠭᠠᠨ᠄ ᠨᠢᠭᠡ ᠳᠤ ᠰᠣᠶᠣᠯ ᠤᠨ ᠡᠬᠢ ᠪᠠᠶᠠᠯᠢᠭ ᠢ ᠭᠦᠨ ᠠᠭᠤᠳᠠᠯᠵᠤ᠂ ᠦᠢᠯᠡᠳᠬᠦᠨ ᠤ ᠡᠵᠡᠩᠨᠡᠯᠲᠡ ᠶᠢᠨ

ᠬᠡᠯᠪᠡᠷᠢ ᠶᠢᠨ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠤᠨ ᠲᠠᠸᠠᠷ ᠪᠠ ᠳᠤᠷᠠᠰᠬᠠᠯ ᠤᠨ ᠡᠳ᠋ ᠢ ᠭᠦᠨᠵᠡᠭᠡᠶ

ᠨᠡᠭᠡᠭᠡᠨ ᠬᠥᠭᠵᠢᠭᠦᠯᠦᠨ᠎ᠡ᠃ ᠬᠤᠶᠠᠷ ᠲᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠡᠬᠢ ᠪᠠᠶᠠᠯᠢᠭ ᠤᠨ

ᠲᠥᠯᠥᠪᠵᠢᠭᠦᠯᠭᠡ ᠶᠢ ᠲᠦᠷᠭᠡᠳᠬᠡᠵᠦ᠂ ᠬᠦᠢᠲᠡᠨᠰᠢᠯᠢ ᠶᠢᠨ ᠲᠠᠯ᠎ᠠ ᠨᠤᠲᠤᠭ᠂ ᠮᠠ ᠡᠯ ᠮᠠᠶ᠋ᠢᠭ ᠤᠨ ᠭᠠᠯᠲᠤ ᠠᠭᠤᠯᠠ᠂

ᠨᠠᠷᠠᠰᠤᠲᠠᠢ ᠤᠢ ᠰᠢᠭᠤᠶ ᠶᠢᠨ ᠲᠠᠯᠠᠪᠠᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠪᠠ᠃ ᠭᠤᠷᠪᠠ ᠳᠤ᠂

ᠭᠤᠸᠠᠩ ᠢ ᠯᠦᠩ ᠤᠨ ᠡᠷᠲᠡᠨ ᠤ ᠬᠤᠳᠠ᠂ ᠤᠮᠠᠷᠠᠲᠤ ᠸᠧᠢ ᠤᠯᠤᠰ ᠤᠨ ᠢᠦᠢ ᠶᠤᠸᠠᠨ ᠪᠠᠭᠤᠷᠢ᠂ ᠪᠠᠷᠠᠭᠤᠨ

ᠬᠠᠨ ᠤᠯᠤᠰ ᠤᠨ ᠤᠷᠳᠤ ᠴᠠᠭᠠᠨ ᠬᠡᠷᠡᠮ ᠵᠡᠷᠭᠡ ᠲᠡᠦᠬᠡ ᠶᠢᠨ ᠦᠯᠡᠳᠡᠭᠳᠡᠯ ᠤᠨ ᠠᠷᠤ ᠳᠤ ᠠᠭᠤᠯᠤᠭᠳᠠᠵᠤ ᠪᠠᠶᠢᠭ᠎ᠠ

ᠶᠡᠷᠦᠩᠬᠡᠶᠢᠯᠡᠭᠰᠡᠨ ᠳᠠᠯᠳᠠ ᠬᠦᠴᠦᠨ ᠢ ᠤᠯᠠᠨ ᠲᠠᠯ᠎ᠠ ᠠᠴᠠ ᠰᠦᠪᠡᠭᠴᠢᠯᠡᠨ᠎ᠡ᠃

      ᠡᠴᠦᠰ ᠲᠤ᠂ ᠳᠡᠳ᠋ ᠲᠣᠪᠴᠢᠶᠠᠨ ᠳᠠᠷᠤᠭ᠎ᠠ ᠯᠢᠦ ᠶᠦᠩ ᠪᠢᠨ ᠪᠥᠬᠦ ᠲᠠᠯ᠎ᠠ ᠶᠢᠨ ᠰᠣᠶᠣᠯ ᠵᠢᠭᠤᠯᠴᠢᠯᠠᠯ ᠤᠨ

ᠠᠵᠢᠯᠲᠠᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠠᠷᠭ᠎ᠠ ᠤᠬᠠᠭᠠᠨ ᠭᠠᠷᠭᠠᠬᠤ ᠶᠢ

ᠰᠠᠨᠠᠭᠠᠴᠢᠯᠠᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠲᠤ

ᠰᠠᠶᠢᠨ ᠰᠠᠶᠢᠬᠠᠨ ᠬᠠᠭᠤᠳᠠᠰᠤ ᠶᠢ ᠪᠢᠴᠢᠭᠯᠡᠪᠡ᠃

 

           ᠵᠣᠬᠢᠶᠠᠭᠴᠢ᠄ ᠰᠣᠶᠣᠯ ᠪᠠ ᠵᠢᠭᠤᠯᠴᠢᠯᠠᠯ ᠤᠨ ᠲᠣᠪᠴᠢᠶ᠎ᠠ

          ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号