ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/15
            4 ᠰᠠᠷ᠎ᠠ ᠶᠢᠨ 7 ᠤ ᠦᠳᠡ ᠶᠢᠨ ᠡᠮᠦᠨ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠦᠬᠦ ᠺᠠᠳ᠋ᠷ ᠠᠵᠢᠯᠳᠠᠨ ᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃

      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ

ᠳᠠᠷᠤᠮᠠᠯᠯᠠᠨ ᠲᠠᠷᠬᠠᠭᠠᠭᠰᠠᠨ ︽ᠪᠥᠬᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ

ᠲᠤᠬᠠᠶ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂

ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠬᠡᠷᠡᠭᠯᠡᠨ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︽

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ

ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠤᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠤᠨ

ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

     ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ

ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ︽ᠬᠥᠳᠡᠭᠡ ᠠᠵᠤ ᠠᠬᠤᠢ ᠬᠥᠳᠡᠭᠡ

ᠲᠣᠰᠬᠤᠨ ᠲᠠᠷᠢᠶᠠᠴᠢᠨ︾ ᠤ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠶᠡᠷᠦᠩᠬᠡᠢ

ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ

ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂

ᠲᠥᠪ ᠤᠨ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠪᠣᠯᠤᠨ ᠡᠯ᠎ᠡ ᠱᠠᠲᠤᠨ ᠤ ᠨᠠᠮ ᠤᠨ ᠬᠤᠷᠢᠶᠠᠨ ᠤ ᠬᠥᠳᠡᠭᠡ

ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠮᠢᠩᠭᠠᠨ

ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠪᠦᠬᠦ ᠲᠠᠯ᠎ᠠ ᠪᠠᠷ ᠬᠦᠴᠦᠯᠡᠵᠦ᠂ ᠬᠥᠳᠡᠭᠡ ᠠᠵᠤ ᠠᠬᠤᠢ ᠶᠢᠨ ᠴᠢᠨᠠᠷ

ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂

ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ ᠱᠠᠭᠠᠷᠳᠠᠭᠰᠠᠨ ᠨᠢ᠄ ᠠᠵᠤ ᠦᠢᠯᠡᠳᠪᠦᠷᠢ ᠮᠡᠳᠡᠭᠡ ᠵᠠᠩᠭᠢ ᠶᠢᠨ ᠬᠤᠳᠠᠯᠳᠤᠭᠠᠨ ᠤ

ᠶᠠᠪᠤᠳᠠᠯ ᠤᠨ ᠰᠢᠰᠲ᠋ᠧᠮ ᠤᠨ ᠪᠦᠬᠦ ᠨᠠᠮ ᠤᠨ ᠭᠡᠰᠢᠭᠦᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ

ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠪᠦᠬᠦ

ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ

ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠤᠶᠠᠷ ᠢ ᠲᠣᠨᠨᠳᠠᠭᠠᠨᠨᠰᠠᠨ︾ ᠤ ᠰᠢᠢᠳᠪᠦᠷᠢᠯᠡᠭᠴᠢ ᠴᠢᠨᠠᠷᠲᠠᠶ ᠠᠴᠢ

ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ

ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ

ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠡᠭᠦᠨ ᠤ ᠬᠠᠮᠲᠤ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ

ᠪᠣᠯᠭᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠮᠡᠳᠡᠭᠡ ᠵᠠᠩᠭᠢ ᠶᠢᠨ

ᠠᠵᠢᠯ ᠤᠨ ᠪᠠᠶᠢᠷᠢ ᠶᠢ ᠲᠠᠨᠢᠯᠴᠠᠭᠤᠯᠬᠤ ᠪᠠ ᠴᠢᠳᠠᠪᠤᠷᠢᠲᠠᠨ ᠢ ᠮᠥᠷᠳᠡᠨ ᠦᠢᠯᠡᠴᠢᠯᠡᠬᠦ ᠶᠢ ᠴᠠᠭ ᠲᠤᠬᠠᠶ ᠳᠤᠨᠢ

ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠴᠢᠳᠠᠪᠤᠷᠢᠲᠠᠨ ᠢ ᠰᠢᠰᠲ᠋ᠧᠮ ᠢᠶᠠᠷ ᠢᠶᠠᠨ ᠤᠷᠢᠨ ᠬᠡᠷᠡᠭᠯᠡᠬᠦ ᠶᠢ

ᠲᠦᠷᠭᠡᠨ ᠪᠡᠶᠡᠯᠡᠭᠦᠯᠵᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠲᠠᠰᠤᠷᠠᠯᠳᠠ

ᠦᠭᠡᠢ ᠨᠠᠮᠳᠠᠭᠤᠯᠬᠤ ᠬᠡᠷᠡᠭᠲᠡᠶ᠃

 

           ᠵᠣᠬᠢᠶᠠᠭᠴᠢ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号