ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/15
        ᠰᠠᠶᠢᠨ ᠰᠠᠶᠢᠬᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠭᠤᠯᠤᠨ᠎ᠠ᠃ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 5 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠪᠥᠬᠦ ᠬᠤᠰᠢᠭᠤᠨ ᠤ ᠵᠢᠭᠤᠯᠴᠢᠯᠠᠯ ᠤᠨ ᠭᠠᠵᠠᠷ ᠲᠤ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠪᠠ᠂ ᠲᠣᠰ ᠤᠳᠠᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠭᠤᠤᠯᠳᠠᠭᠤ ᠵᠢᠭᠤᠯᠴᠢᠯᠠᠯ ᠤᠨ ᠬᠤᠷᠢᠶᠠᠨ ᠤ ᠡᠵᠡᠩᠨᠡᠯᠲᠡ ᠶᠢᠨ ᠬᠢᠷᠢ ᠬᠡᠮ᠂ ᠡᠵᠡᠩᠨᠡᠯᠲᠡ ᠶᠢᠨ ᠡᠬᠡ ᠲᠠᠩᠰᠠ᠂ ᠵᠢᠭᠤᠯᠴᠢᠯᠠᠯ ᠤᠨ ᠭᠡᠷ᠎ᠡ ᠶᠢᠨ ᠵᠢᠷᠤᠮᠵᠢᠯ ᠵᠡᠷᠭᠡ ᠪᠠᠶᠢᠳᠠᠯ ᠤᠨ ᠲᠣᠭᠤᠷᠢᠨ ᠳᠤ ᠶᠠᠪᠤᠭᠳᠠᠪᠠ᠃ ᠢᠯᠡᠷᠡᠭᠦᠯᠦᠭᠰᠡᠨ ᠵᠢᠭᠤᠯᠴᠢᠯᠠᠯ ᠤᠨ ᠭᠡᠷ᠎ᠡ ᠨᠢ ᠵᠢᠷᠤᠮᠵᠢᠯ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠡᠳᠦᠷ

ᠲᠤᠲᠤᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂

ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠪᠣᠳᠠᠲᠠᠶ ᠴᠢᠩᠭ᠎ᠠ ᠠᠳᠬᠤᠵᠤ᠂

ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠭᠲᠠᠭᠠᠯ ᠠᠴᠠ ᠵᠥᠷᠢᠴᠡᠨ ᠡᠵᠡᠩᠨᠡᠬᠦ ᠦᠢᠯᠡ ᠠᠵᠢᠯᠯᠠᠭ᠎ᠠ ᠶᠢ ᠪᠠᠶᠢᠴᠠᠭᠠᠨ

ᠰᠢᠢᠳᠪᠦᠷᠢᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ

ᠵᠢᠷᠤᠮᠵᠢᠭᠤᠯᠤᠨ᠎ᠠ᠃

               ᠵᠣᠬᠢᠶᠠᠭᠴᠢ᠄ ᠶᠢᠨ ᠶᠠᠨ ᠪᠢᠩ

              ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号