ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
         ᠣᠶᠢᠷ᠎ᠡ ᠶᠢᠨ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠢᠦᠶ ᠪᠦᠦ ᠬᠤᠷᠠᠯ ᠡᠷᠭᠢᠯᠡᠵᠦ᠂ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠠᠶ᠃

      ᠬᠤᠷᠠᠯ ᠳᠡᠭᠡᠷ᠎ᠡ᠂ ᠵᠠᠩ ᠢᠦᠶ ᠪᠦᠦ ᠨᠥᠬᠦᠷ 2024 ᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠳᠤ

ᠬᠤᠰᠢᠭᠤ ᠰᠢᠶᠠᠨ ᠤ ᠪᠡᠶᠡᠯᠡᠭᠦᠯᠦᠯᠲᠡ ᠵᠢᠴᠢ ᠭᠤᠤᠯᠳᠠᠯᠭ᠎ᠠ ᠲᠠᠢ ᠡᠭᠦᠷᠭᠡ ᠶᠢ ᠬᠠᠮᠵᠢᠯᠴᠠᠨ ᠪᠡᠶᠡᠯᠡᠭᠦᠯᠬᠦ ᠳᠤ

ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠬᠦ ᠬᠡᠷᠡᠭᠲᠡᠶ ᠪᠥᠭᠡᠳ ᠬᠤᠳᠠᠯᠳᠤᠭᠠᠨ ᠤ ᠶᠠᠪᠤᠳᠠᠯ ᠤᠨ ᠠᠵᠢᠯ ᠢ ᠰᠠᠶᠢᠲᠤᠷ

ᠬᠢᠬᠦ ᠳᠤ ᠬᠠᠷᠢᠭᠤᠴᠠᠯᠭ᠎ᠠ ᠬᠦᠨᠳᠦ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠂ ᠣᠯᠠᠨ ᠢᠶᠠᠷ ᠢᠶᠠᠨ ᠴᠤᠭ

ᠪᠠᠳᠠᠷᠠᠩᠭᠤᠶ ᠲᠡᠮᠡᠴᠡᠯ ᠤᠨ ᠵᠣᠷᠢᠭ᠂ ᠣᠷᠭᠢᠯᠤᠮ᠎ᠠ ᠬᠠᠯᠠᠭᠤᠨ ᠰᠡᠳᠬᠢᠯᠭᠡ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ

ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠪᠥᠬᠦ ᠬᠤᠰᠢᠭᠤᠨ ᠤ ᠬᠤᠳᠠᠯᠳᠤᠭᠠᠨ ᠤ

ᠶᠠᠪᠤᠳᠠᠯ ᠤᠨ ᠠᠵᠢᠯ ᠤᠨ ᠰᠢᠨ᠎ᠡ ᠰᠢᠪᠲᠤᠯᠤᠯᠲᠠ᠂ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ

ᠴᠢᠬᠤᠯᠠᠴᠢᠯᠠᠪᠠ᠃

      ᠡᠴᠦᠰ ᠲᠤ᠂ ᠳᠣᠲᠣᠭᠠᠳᠤ ᠠᠷᠠᠯᠵᠢᠶᠠᠨ ᠤ ᠠᠵᠢᠯᠯᠠᠭᠠᠨ᠂ ᠳᠣᠲᠣᠭᠠᠳᠤ ᠠᠷᠠᠯᠵᠢᠶᠠᠨ ᠤ ᠭᠦᠢᠯᠭᠡᠭᠡ᠂

ᠬᠥᠭᠦᠷᠭᠡᠨ ᠪᠠᠬᠢᠯᠡᠯᠲᠡ ᠵᠡᠷᠭᠡ ᠠᠵᠢᠯ ᠤᠨ ᠬᠠᠮᠢᠶ᠎ᠠ ᠪᠦᠬᠦᠢ ᠠᠵᠢᠯᠲᠠᠳ ᠨᠢᠭᠡᠳᠦᠭᠡᠷ ᠤᠯᠠᠷᠢᠯ ᠤᠨ ᠠᠵᠢᠯ ᠤᠨ

ᠠᠬᠢᠴᠠ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠰᠠᠨᠠᠯ ᠢᠶᠠᠨ ᠰᠣᠯᠢᠯᠴᠠᠵᠤ

ᠶᠠᠷᠢᠶ᠎ᠠ ᠲᠠᠯᠪᠢᠪᠠ︔ ᠪᠦᠬᠦ ᠺᠠᠳ᠋ᠷᠴᠤᠳ ᠤᠨ ᠠᠵᠢᠯ ᠤᠨ ᠰᠡᠳᠬᠢᠴᠡ ᠪᠠᠨ ᠲᠣᠳᠣᠷᠬᠠᠶᠢᠯᠠᠬᠤ᠂ ᠠᠵᠢᠯ ᠤᠨ

ᠡᠭᠦᠷᠭᠡ ᠪᠠᠨ ᠨᠠᠷᠢᠯᠢᠬᠵᠢᠭᠤᠯᠬᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢ ᠪᠠᠲᠤᠯᠠᠵᠤ᠂

ᠬᠡᠷᠡᠭᠯᠡᠭᠡ ᠶᠢ ᠠᠬᠢᠭᠤᠯᠬᠤ᠂ ᠠᠵᠤ ᠠᠬᠤᠶᠢᠯᠠᠯ ᠢ ᠪᠤᠶᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠬᠥᠭᠵᠢᠭᠦᠯᠬᠦ᠂

ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ

ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠵᠢᠯ ᠤᠨ ᠬᠤᠳᠠᠯᠳᠤᠭᠠᠨ ᠤ

ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃

         

          ᠵᠣᠬᠢᠶᠠᠭᠴᠢ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ

         ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号