ᠭᠤᠸᠠᠩ ᠢ ᠯᠦᠩ ᠪᠠᠯᠭᠠᠰᠤ᠄ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠦ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2024/4/18
           ᠣᠶᠢᠷ᠎ᠠ ᠳᠤ᠂ ᠭᠤᠸᠠᠩ ᠢ ᠯᠦᠩ ᠪᠠᠯᠭᠠᠰᠤ ᠨᠠᠮ ᠤᠨ ᠭᠡᠰᠢᠭᠦᠨ ᠣᠯᠠᠨ ᠲᠦᠮᠡᠨ ᠤ ᠣᠯᠠᠨ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠪᠥᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠴᠡᠪᠡᠷ ᠴᠡᠮᠴᠡᠭᠡᠷ᠂ ᠭᠤᠶᠢᠳᠠ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃

     ᠴᠡᠭᠴᠡᠯᠡᠨ ᠵᠠᠰᠠᠬᠤ ᠶᠠᠪᠤᠴᠠ ᠳᠤ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠬᠠᠮᠲᠤᠪᠠᠷ ᠣᠷᠣᠯᠴᠠᠵᠦ᠂

ᠬᠠᠮᠲᠤᠪᠠᠷ ᠬᠥᠳᠡᠯᠦᠯᠴᠡᠵᠦ᠂ ᠬᠦᠴᠦᠨ ᠢᠶᠠᠨ ᠲᠥᠪᠯᠡᠷᠡᠭᠦᠯᠦᠨ ᠲᠠᠷᠢᠶᠠᠨ ᠭᠠᠵᠠᠷ᠂ ᠲᠣᠰᠬᠤᠨ ᠤ  ᠡᠷᠬᠢᠨ  

ᠲᠣᠭᠤᠷᠢᠨ᠂ ᠵᠠᠮ ᠬᠠᠷᠢᠯᠴᠠᠭᠠᠨ ᠤ ᠱᠤᠭᠤᠮ ᠳᠠᠭᠠᠤ ᠶᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ᠂

ᠠᠮᠢᠳᠤᠷᠠᠯ ᠤᠨ ᠬᠤᠭ ᠨᠣᠪᠰᠢ᠂ ᠲᠣᠰᠬᠤᠨ ᠤ ᠵᠠᠮ ᠤᠨ ᠨᠣᠭᠤᠭᠠᠷᠠᠭᠤᠯᠤᠯᠲᠠ ᠶᠢᠨ ᠬᠤᠭ ᠨᠣᠪᠰᠢ ᠪᠤᠵᠠᠷ ᠡᠪᠡᠰᠦ

ᠵᠡᠷᠭᠡ ᠶᠢ ︽ᠪᠦᠬᠦᠨ ᠢ ᠪᠦᠷᠬᠦᠭᠦᠯᠵᠦ᠂ ᠲᠣᠣᠷᠵᠢᠭᠤᠯᠤᠭᠰᠠᠨ ᠬᠡᠯᠪᠡᠷᠢ︾ ᠪᠠᠷ ᠴᠡᠪᠡᠷᠯᠡᠨ ᠡᠮᠬᠢᠯᠡᠵᠦ᠂ ︽ᠨᠠᠷᠢᠯᠢᠭ︾

ᠲᠠᠯ᠎ᠠ ᠠᠴᠠ ᠭᠠᠷᠳᠠᠵᠤ᠂ ︽ᠪᠣᠳᠠᠲᠠᠢ︾ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ

ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ

ᠲᠣᠰᠬᠤᠨ ᠤ ︽ ᠲᠥᠷᠰᠦ ᠪᠠᠶᠢᠳᠡᠯ︾ ᠢ ᠦᠷᠭᠦᠯᠵᠢᠯᠡᠨ ᠰᠢᠨᠡᠳᠬᠡᠪᠡ᠃

     ᠭᠤᠸᠠᠩ ᠢ ᠯᠦᠩ ᠪᠠᠯᠭᠠᠰᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ

ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ  ᠠᠬᠢᠭᠤᠯᠵᠤ᠂ ᠥᠨᠳᠥᠷ

ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ  ᠪᠠᠷᠢᠮᠲᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ

ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ  ᠬᠢᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ

ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠠᠮᠢ

ᠠᠬᠤᠢ ᠭᠤᠶᠢᠳᠠ ᠰᠠᠶᠢᠬᠠᠨ᠂ ᠠᠷᠢᠭᠤᠨ ᠴᠡᠪᠡᠷ᠂ ᠪᠣᠯᠪᠠᠰᠤᠨ ᠡᠶ᠎ᠡ ᠵᠣᠬᠢᠴᠠᠩᠭᠤᠢ ᠬᠥᠮᠦᠰ ᠤᠨ ᠣᠷᠣᠰᠢᠨ ᠰᠠᠭᠤᠬᠤ

ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠰᠢᠨ᠎ᠡ

ᠪᠠᠶᠢᠳᠠᠯ︾ ᠢ ᠲᠠᠰᠤᠷᠠᠯᠲᠠ ᠦᠭᠡᠢ ᠵᠢᠷᠤᠭᠯᠠᠬᠤ ᠪᠣᠯᠤᠨ᠎ᠠ᠃

          ᠰᠤᠷᠪᠤᠯᠵᠢᠯᠠᠭᠴᠢ᠄ ᠵᠠᠩ ᠵᠢᠤᠸᠠᠨ     ᠭᠤᠤ ᠸᠧᠶ

          ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号