ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯᠧᠺᠲᠷᠤᠨ ᠬᠡᠮᠵᠢᠯᠲᠡ ᠶᠢᠨ ᠵᠢᠩᠨᠡᠭᠦᠷ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/18
         ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯᠧᠺᠲᠷᠤᠨ ᠬᠡᠮᠵᠢᠭᠦᠷ ᠤᠨ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠣᠯᠠᠨ ᠤ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠵᠤ᠂ ᠦᠨᠡᠨᠴᠢ ᠢᠲᠡᠭᠡᠮᠵᠢᠲᠡᠶ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠪᠠ᠃

     ᠲᠣᠰ ᠤᠳᠠᠭᠠᠨ ᠤ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠵᠠᠬ᠎ᠠ ᠳᠡᠯᠭᠡᠭᠦᠷ ᠤᠨ ᠳᠣᠲᠣᠷᠠᠬᠢ

ᠨᠡᠭᠦᠳᠡᠯ ᠬᠤᠳᠠᠯᠳᠤᠭᠠᠴᠢᠨ ᠬᠡᠷᠡᠭᠯᠡᠵᠦ ᠪᠠᠶᠢᠭ᠎ᠠ ᠡᠯᠧᠺᠲᠷᠤᠨ ᠬᠡᠮᠵᠢᠭᠦᠷ ᠤᠨ ᠵᠢᠩᠨᠡᠭᠦᠷ ᠢᠶᠠᠷ ᠭᠤᠤᠯᠳᠠᠯᠭ᠎ᠠ ᠪᠣᠯᠭᠠᠵᠤ

᠂ ᠰᠢᠯᠭᠠᠨ ᠲᠣᠨᠨᠳᠠᠭᠠᠨᠨᠰᠠᠨ ᠬᠢᠷᠢ ᠲᠡᠩᠴᠡᠭᠰᠡᠨ ᠲᠡᠮᠳᠡᠭ ᠨᠠᠭᠠᠵᠤ ᠪᠠᠶᠢᠬᠤ ᠡᠰᠡᠬᠦ ᠶᠢᠨ ᠬᠠᠮᠲᠤ ᠰᠢᠯᠭᠠᠨ

ᠲᠣᠭᠲᠠᠭᠠᠭᠰᠠᠨ ᠬᠦᠴᠦᠨ ᠲᠠᠢ ᠬᠤᠭᠤᠴᠠᠭᠠᠨ ᠳᠤ  ᠡᠵᠡᠩᠨᠡᠭᠴᠢ ᠲᠣᠭᠲᠠᠭᠠᠯ ᠶᠣᠰᠣᠭᠠᠷ ᠡᠯᠧᠺᠲᠷᠤᠨ ᠬᠡᠮᠵᠢᠭᠦᠷ ᠤᠨ

ᠵᠢᠩᠯᠡᠭᠦᠷ ᠢ ᠬᠡᠷᠡᠭᠯᠡᠭᠰᠡᠨ ᠡᠰᠡᠬᠦ᠂ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠭᠰᠠᠨ᠂ ᠡᠯᠧᠺᠲᠷᠤᠨ ᠬᠡᠮᠵᠢᠯᠲᠡ ᠶᠢᠨ

ᠵᠢᠩᠯᠡᠭᠦᠷ ᠤᠨ ᠣᠨᠣᠪᠴᠢ ᠶᠢᠨ ᠬᠡᠮᠵᠢᠶ᠎ᠡ ᠶᠢ ᠵᠣᠷᠢᠭᠤᠳᠠ ᠡᠪᠳᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ

ᠠᠵᠢᠯᠯᠠᠭ᠎ᠠ ᠳᠤ ᠪᠠᠶᠢᠴᠠᠭᠠᠯᠲᠠ ᠬᠢᠪᠠ᠃ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠯᠧᠺᠲᠷᠤᠨ ᠬᠡᠮᠵᠢᠭᠦᠷ ᠤᠨ

ᠬᠤᠳᠠᠯᠳᠤᠨ ᠠᠪᠬᠤ᠂ ᠰᠢᠯᠭᠠᠨ ᠲᠣᠭᠲᠠᠭᠠᠬᠤ᠂ ᠬᠡᠷᠡᠭᠯᠡᠬᠦ ᠪᠠ ᠬᠠᠮᠢᠶᠠᠷᠬᠤ ᠵᠡᠷᠭᠡ ᠬᠡᠮᠵᠢᠯᠲᠡ ᠶᠢᠨ ᠮᠡᠳᠡᠯᠭᠡ ᠵᠢᠴᠢ

ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠤᠬᠠᠶ ᠶᠢᠨ ᠲᠠᠯᠠᠪᠠᠶ ᠳᠤ ᠲᠠᠶᠢᠯᠪᠤᠷᠢᠯᠠᠵᠤ᠂ ᠡᠯᠧᠺᠲᠷᠤᠨ

ᠬᠡᠮᠵᠢᠭᠦᠷ ᠤᠨ ᠵᠢᠩᠯᠡᠭᠦᠷ ᠤᠨ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠡᠮᠵᠢᠯᠲᠡ ᠶᠢᠨ ᠦᠨᠡᠨᠴᠢ

ᠢᠲᠡᠭᠡᠮᠵᠢ ᠶᠢᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ ᠦᠷᠭᠦᠯᠵᠢᠯᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠵᠡᠩᠨᠡᠯᠲᠡ ᠶᠢᠨ ᠡᠷᠦᠬᠡ ᠶᠢᠨ ᠬᠠᠤᠯᠢ

ᠴᠠᠭᠠᠵᠠ ᠶᠢᠨ ᠤᠬᠠᠮᠰᠠᠷ ᠪᠣᠯᠤᠨ ᠦᠨᠡᠨᠴᠢ ᠢᠲᠡᠭᠡᠮᠵᠢ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂

ᠵᠠᠬ᠎ᠠ ᠳᠡᠯᠭᠡᠭᠦᠷ ᠤᠨ ᠡᠯᠧᠺᠲᠷᠤᠨ ᠬᠡᠮᠵᠢᠯᠲᠡ ᠶᠢᠨ ᠵᠢᠩᠯᠡᠭᠦᠷ ᠤᠨ ᠣᠨᠣᠪᠴᠢ ᠶᠢᠨ ᠬᠡᠮᠵᠢᠶ᠎ᠡ ᠶᠢ ᠪᠠᠲᠤᠯᠠᠵᠤ᠂

ᠥᠷᠭᠡᠨ ᠣᠯᠠᠨ ᠬᠡᠷᠡᠭᠯᠡᠭᠴᠢᠳ ᠲᠤ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠣᠯᠠᠨ

ᠲᠦᠮᠡᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃

             ᠰᠤᠷᠪᠤᠯᠵᠢᠯᠠᠭᠴᠢ᠄ ᠵᠠᠩ ᠰᠢᠶᠤᠤ ᠳ᠋ᠦᠩ     ᠱᠠᠨ ᠮᠢᠶᠣᠣ

             ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号