ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ︽4.15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/18
            4 ᠰᠠᠷ᠎ᠠ ᠶᠢᠨ 15 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠵᠦ᠂ ᠥᠷᠭᠡᠨ ᠣᠯᠠᠨ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠪᠢᠨ ᠠᠵᠢᠯᠯᠠᠭ᠎ᠠ ᠳᠤ ᠣᠷᠣᠯᠴᠠᠵᠠᠶ᠃

      ᠠᠵᠢᠯᠯᠠᠭ᠎ᠠ ᠶᠢᠨ ᠳᠤᠮᠳᠠ᠂ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂

ᠤᠬᠠᠭᠤᠯᠭ᠎ᠠ ᠶᠢᠨ ᠵᠠᠷ ᠲᠠᠷᠬᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ

ᠵᠥᠪᠯᠡᠯᠭᠡ ᠥᠭᠴᠦ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ

ᠠᠷᠠᠳ ᠲᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠪᠠ ᠬᠠᠮᠢᠶ᠎ᠠ ᠪᠥᠬᠦᠶ ᠬᠠᠤᠯᠢ ᠴᠠᠭᠠᠵᠠ

ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠪᠠ ᠤᠯᠤᠰ ᠤᠨ

ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠥᠷᠭᠡᠨ ᠣᠯᠠᠨ ᠠᠷᠠᠳ ᠲᠦᠮᠡᠨ ᠢ

ᠬᠥᠲᠥᠯᠦᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠪᠠᠨ

ᠤᠬᠠᠮᠰᠠᠷ ᠠᠴᠠ ᠪᠠᠨ  ᠭᠦᠢᠴᠡᠳᠭᠡᠵᠦ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ

ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠠᠮᠤᠷ ᠲᠦᠪᠰᠢᠨ ᠤ ᠠᠯᠪᠠᠨ ᠬᠡᠷ ᠤᠨ

ᠠᠵᠢᠯᠲᠠᠨ ᠲᠢᠶᠠᠨ ᠢᠦᠶ ᠮᠧᠩ᠄ ︽ᠲᠣᠰ ᠤᠳᠠᠭᠠᠨ ᠤ ᠠᠵᠢᠯᠯᠠᠭ᠎ᠠ ᠳᠤ᠂ ᠪᠢᠳᠡ ᠤᠬᠠᠭᠤᠯᠭ᠎ᠠ ᠶᠢᠨ ᠳᠡᠪᠲᠡᠷ

ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠲᠤ ᠤᠯᠤᠰ ᠤᠨ ᠠᠮᠤᠷ ᠲᠦᠪᠰᠢᠨ ᠤ

ᠴᠢᠬᠤᠯᠠ ᠴᠢᠨᠠᠷ ᠢ ᠢᠳᠡᠪᠬᠢᠲᠡᠶ ᠳᠠᠮᠵᠢᠭᠤᠯᠵᠤ᠂ ᠬᠤᠲᠠ ᠶᠢᠨ ᠠᠷᠠᠳ ᠤᠨ ᠤᠯᠤᠰ ᠤᠨ ᠠᠮᠤᠷ ᠲᠦᠪᠰᠢᠨ ᠤ

ᠤᠬᠠᠮᠰᠠᠷ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠤᠯᠤᠰ ᠤᠨ ᠠᠮᠤᠷ

ᠲᠦᠪᠰᠢᠨ ᠢ ᠬᠠᠮᠲᠤ ᠪᠠᠷ ᠬᠠᠮᠠᠭᠠᠯᠠᠬᠤ ᠳᠤ ᠠᠰᠢᠭᠲᠠᠶ ᠶᠤᠮ︾ ᠭᠡᠵᠡᠶ᠃

     ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠠᠬᠠᠭᠠᠵᠦ᠂

ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 3000 ᠭᠠᠷᠤᠶ ᠬᠤᠪᠢ ᠲᠠᠷᠬᠠᠭᠠᠪᠠ᠃ ᠠᠵᠢᠯᠯᠠᠭ᠎ᠠ ᠶᠢᠨ

ᠬᠤᠭᠤᠴᠠᠭᠠᠨ ᠳᠤ᠂ ᠬᠤᠰᠢᠭᠤᠨ ᠤ ᠤᠯᠠᠭᠠᠨᠮᠥ᠋ᠴᠢᠷ ᠪᠠᠰᠠ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠳᠤ

ᠭᠤᠶᠢᠳᠠ ᠰᠠᠶᠢᠬᠠᠨ ᠲᠣᠭᠯᠠᠯᠲᠠ ᠭᠠᠷᠭᠠᠵᠠᠶ᠃

          ᠰᠤᠷᠪᠤᠯᠵᠢᠯᠠᠭᠴᠢ᠄ ᠸᠠᠩ ᡁᠢ ᠹᠠᠩ     ᠵᠠᠩ ᠹᠧᠢ ᠢᠦᠢ

          ᠣᠷᠴᠢᠭᠤᠯᠣᠨᠨᠴᠢ᠄  ᠭᠧ ᠲᠣᠸᠠᠨ ᠯᠢᠶᠡᠨ

         

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号