ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠲᠠᠪᠤᠳᠤᠭᠠᠷ ᠤᠳᠠᠭᠠᠨ ᠤ ᠬᠤᠷᠠᠯ ᠵᠢᠴᠢ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/18
        4 ᠰᠠᠷ᠎ᠠ ᠶᠢᠨ 16 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠲᠠᠪᠤᠳᠤᠭᠠᠷ ᠤᠳᠠᠭᠠᠨ ᠤ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠯᠢ ᠮᠧᠶ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

      ᠬᠤᠷᠠᠯ ᠠᠴᠠ ᠳᠡᠭᠡᠳᠦ ᠱᠠᠲᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ

ᠪᠥᠬᠦᠶ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ︽ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ

ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠥᠰᠦᠯ︾ ᠳᠤ ᠲᠠᠶᠢᠯᠤᠮᠵᠢ ᠬᠢᠪᠠ᠃

      ᠬᠤᠷᠠᠯ ᠠᠴᠠ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ

ᠪᠣᠯᠤᠨ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠦᠵᠡᠯ ᠰᠠᠨᠠᠭ᠎ᠠ ᠲᠠᠨᠢᠯᠲᠠ ᠪᠠᠨ

ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠱᠠᠭᠠᠷᠳᠠᠯᠭ᠎ᠠ ᠶᠢ

ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ

ᠠᠬᠢᠭᠤᠯᠬᠤ ᠬᠡᠷᠡᠭᠲᠡᠢ᠃ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ

ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ

ᠬᠤᠰᠢᠭᠤᠨ ᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ

ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ ᠶᠡᠭᠡ

ᠡᠭᠦᠷᠭᠡ︾ ᠶᠢ ᠪᠡᠶᠡᠯᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ

ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠠᠵᠢᠯ ᠢᠶᠠᠨ ᠠᠬᠢᠭᠤᠯᠬᠤ

ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠨᠡᠨ

ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃

      ᠳᠠᠷᠠᠭ᠎ᠠ ᠨᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ

ᠪᠦᠷᠢᠯᠳᠦᠬᠦᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ

ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠭᠤᠤᠯ ᠰᠡᠳᠦᠪᠲᠦ ᠨᠠᠮ ᠤᠨ ᠡᠳᠦᠷ ᠤᠨ

ᠠᠵᠢᠯᠯᠠᠭ᠎ᠠ ᠥᠷᠨᠢᠭᠦᠯᠪᠡ᠃ ᠤᠯᠠᠨ ᠢᠶᠠᠷ ᠢᠶᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ

ᠵᠤᠬᠰᠤᠰᠢ ᠦᠭᠡᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ

ᠪᠠᠶᠢᠬᠤ ᠶᠢ ᠭᠦᠨᠵᠡᠭᠡᠢ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠥᠭᠡᠳᠡᠯᠡᠨ

ᠲᠠᠪᠰᠢᠬᠤ ᠨᠡᠶᠢᠭᠡᠮ ᠤᠨ ᠣᠷᠴᠢᠨ ᠲᠣᠭᠤᠷᠢᠨ ᠪᠣᠯᠤᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ

ᠠᠬᠤᠢ ᠶᠢ ᠬᠦᠴᠦᠯᠡᠨ ᠪᠤᠢ ᠪᠣᠯᠭᠠᠨ᠎ᠠ ᠭᠡᠵᠦ ᠢᠯᠡᠳᠬᠡᠵᠡᠭᠡᠪᠡ᠃

       ᠯᠢᠦ ᠴᠢ᠂ ᠯᠢ ᠪᠢᠨ᠂ ᠾᠧ ᠲᠦᠩ᠂ ᠸᠠᠩ ᠬᠠᠢ ᠶᠠᠨ᠂ ᠸᠠᠩ ᠬᠠᠢ ᠵᠧᠨ᠂ ᠫᠠᠨ ᠸᠧᠢ᠂ ᠭᠤᠤ ᠳ᠋ᠦᠩ

ᠮᠧᠢ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃

 

        ᠰᠤᠷᠪᠤᠯᠵᠢᠯᠠᠭᠴᠢ᠄ ᠵᠠᠩ ᠹᠸᠢ ᠢᠦᠶ      ᠸᠠᠩ ᡁᠢ ᠹᠠᠩ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号