ᠯᠢ ᠵᠢᠶᠠᠨ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/18
        4 ᠰᠠᠷ᠎ᠠ ᠶᠢᠨ 16 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ  ᠶᠢᠨ  ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠴᠢᠬᠤᠯᠠ ᠶᠡᠭᠡ ᠲᠥᠷᠥᠯ ᠵᠦᠢᠯ ᠤᠨ ᠠᠵᠢᠯ ᠤᠨ ᠡᠬᠢᠯᠡᠭᠦᠯᠵᠦ ᠰᠡᠷᠭᠦᠭᠡᠭᠰᠡᠨ ᠪᠠᠶᠢᠳᠠᠯ ᠪᠠ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠪᠠᠶᠢᠴᠠᠭᠠᠨ ᠰᠤᠳᠤᠯᠪᠠ᠃

      ᠭᠤᠣᠯᠳᠠᠯᠭ᠎ᠠ ᠲᠠᠢ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢ ᠵᠢᠶᠠᠨ ᠵᠢᠶᠦ᠋ᠨ

ᠪᠠᠷᠢᠯᠭ᠎ᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ

ᠪᠠᠶᠢᠴᠠᠭᠠᠨ ᠦᠵᠡᠵᠦ᠂ ᠪᠠᠷᠢᠯᠭ᠎ᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠵᠡᠷᠭᠡ ᠪᠠᠶᠢᠳᠠᠯ ᠢ ᠨᠠᠷᠢᠨ

ᠣᠶᠢᠯᠠᠭᠠᠵᠤ᠂ ᠲᠦᠷᠦᠯ ᠵᠦᠢᠯ ᠤᠨ ᠬᠠᠷᠢᠭᠤᠴᠠᠯᠭᠠᠲᠠᠨ ᠢ ᠠᠮᠤᠷ ᠲᠦᠪᠰᠢᠨ ᠤ ᠬᠤᠷᠢᠭ᠎ᠠ ᠱᠤᠭᠤᠮ ᠢ  ᠪᠠᠲᠤ  

ᠰᠠᠬᠢᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ

ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ

ᠪᠠᠶᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠤ

ᠠᠬᠤᠶᠢᠯᠠᠯ ᠤᠨ ᠬᠥᠭᠵᠢᠯᠲᠡ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠠᠵᠤ

ᠠᠬᠤᠶᠢᠯᠠᠯ ᠢ ᠬᠠᠪᠰᠤᠷᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ

ᠪᠣᠯᠤᠨ ᠠᠰᠠᠭᠤᠳᠠᠯ ᠢ ᠨᠢ ᠰᠠᠶᠢᠲᠤᠷ ᠰᠢᠢᠳᠪᠦᠷᠢᠯᠡᠵᠦ᠂ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠪᠠᠷ ᠴᠢᠷᠮᠠᠶᠢᠬᠤ ᠬᠡᠷᠡᠭᠲᠡᠶ ᠭᠡᠵᠦ

ᠱᠠᠭᠠᠷᠳᠠᠪᠠ᠃

      ᠬᠤᠰᠢᠭᠤᠨ ᠤ ᠮᠦᠽᠧᠶ᠂ ᠬᠠᠮ ᠵᠠᠭᠤᠴᠢᠯᠠᠭᠤᠷ ᠤᠨ ᠲᠥᠪ ᠵᠡᠷᠭᠡ ᠭᠠᠵᠠᠷ ᠲᠤ᠂ ᠯᠢ ᠵᠢᠶᠠᠨ ᠵᠢᠶᠦ᠋ᠨ

ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯᠲᠠᠳ ᠰᠢ ᠶᠢᠨ ᠫᠢᠩ ᠤᠨ

ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠠᠲᠤ ᠡᠵᠡᠮᠳᠡᠵᠦ᠂ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠦᠬᠡ ᠰᠣᠶᠣᠯ ᠤᠨ ᠡᠬᠢ ᠪᠠᠶᠠᠯᠢᠭ ᠲᠤ ᠠᠭᠤᠯᠤᠭᠳᠠᠵᠤ ᠪᠠᠶᠢᠭ᠎ᠠ

ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ ᠢ ᠭᠦᠨᠵᠡᠭᠡᠶ ᠠᠭᠤᠳᠠᠯᠵᠤ᠂ ᠰᠣᠶᠣᠯ ᠤᠨ ᠥᠪ ᠢ ᠬᠠᠮᠠᠭᠠᠯᠠᠨ

ᠠᠰᠢᠭᠯᠠᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ

ᠬᠥᠭᠵᠢᠬᠦ ᠶᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠲᠦᠪᠰᠢᠨ ᠢ

ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ

ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠵᠦ ᠱᠠᠭᠠᠷᠳᠠᠪᠠ᠃

            ᠰᠤᠷᠪᠤᠯᠵᠢᠯᠠᠭᠴᠢ᠄ ᠸᠠᠩ ᠯᠸᠢ    ᠬᠤᠤ ᠯᠢ ᠰᠢᠨ

           ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号