ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠮᠡᠳᠡᠯᠭᠡ ᠶᠢ ᠲᠥᠪᠯᠡᠷᠡᠭᠦᠯᠦᠨ ᠰᠤᠷᠤᠯᠴᠠᠪᠠ
ᠨᠡᠶᠢᠲᠡᠯᠡᠭᠰᠡᠨ ᠴᠠᠭ᠄
2024/4/19
           2024 ᠣᠨ ᠤ 4 ᠰᠠᠷ᠎ᠠ ᠶᠢᠨ 15 ᠤ ᠡᠳᠦᠷ ᠪᠣᠯ ᠶᠢᠰᠦᠳᠦᠬᠡᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠂ ᠭᠤᠣᠯ ᠰᠡᠳᠦᠪ ᠨᠢ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠦᠨ ᠬᠥᠲᠥᠯᠥᠨ ᠳᠠᠭᠠᠭᠤᠯᠤᠭᠰᠠᠨ 10 ᠵᠢᠯ ᠤᠨ ᠣᠢ︾ ᠪᠣᠯᠣᠨ᠎ᠠ᠃ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ ᠠᠮᠤᠷ ᠲᠦᠪᠰᠢᠨ ᠤ ᠵᠠᠮ ᠢᠶᠠᠷ ᠵᠠᠮᠨᠠᠨ᠎ᠠ᠃ 15 ᠤ ᠡᠳᠦᠷ ᠤᠨ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ  ᠲᠥᠪᠯᠡᠷᠡᠭᠦᠯᠦᠨ  ᠰᠤᠷᠤᠯᠴᠠᠪᠠ᠃ ᠲᠤᠰᠢᠶᠠᠯ ᠳᠤ  ᠪᠠᠶᠢᠭ᠎ᠠ ᠪᠦᠬᠦ ᠺᠠᠳ᠋ᠷ ᠠᠵᠢᠯᠲᠠᠨ ᠠᠵᠢᠯᠴᠢᠨ ᠲᠤᠰ ᠤᠳᠠᠭᠠᠨ ᠤ ᠬᠤᠷᠠᠯ ᠳᠤ ᠣᠷᠣᠯᠴᠠᠪᠠ᠃

     ᠬᠤᠷᠠᠯ ᠠᠴᠠ᠂ ᠤᠯᠤᠰ ᠤᠨ ᠠᠮᠤᠷ ᠲᠦᠪᠰᠢᠨ ᠤ ᠤᠬᠠᠮᠰᠠᠷ ᠪᠣᠯ ᠤᠯᠤᠰ ᠤᠨ ᠠᠮᠤᠷ ᠲᠦᠪᠰᠢᠨ ᠤ

ᠴᠢᠬᠤᠯᠠ ᠰᠠᠭᠤᠷᠢ ᠮᠥᠨ᠃ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢ ᠪᠠᠶᠢᠭᠤᠯᠤᠭᠰᠠᠨ ᠶᠠᠪᠤᠳᠠᠯ

ᠪᠣᠯ ᠪᠦᠬᠦ ᠠᠷᠠᠳ ᠲᠤ ᠤᠯᠤᠰ ᠤᠨ ᠠᠮᠤᠷ ᠲᠦᠪᠰᠢᠨ ᠤ ᠬᠥᠮᠦᠵᠢᠯ ᠬᠢᠬᠦ ᠴᠢᠬᠤᠯᠠ ᠠᠴᠢᠶᠠᠯᠠᠪᠤᠷᠢ ᠪᠣᠯᠬᠤ ᠪᠠᠷ

ᠪᠠᠷᠠᠬᠤ ᠦᠭᠡᠢ᠂ ᠨᠡᠩ ᠴᠤ ᠤᠯᠤᠰ ᠤᠨ ᠠᠮᠤᠷ ᠲᠦᠪᠰᠢᠨ ᠤ ᠠᠵᠢᠯ ᠢ ᠬᠦᠴᠦᠲᠡᠢ ᠠᠬᠢᠭᠤᠯᠬᠤ ᠶᠠᠪᠤᠳᠠᠯ ᠪᠣᠯᠤᠨ᠎ᠠ᠃

ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢ ᠪᠠᠶᠢᠭᠤᠯᠤᠭᠰᠠᠨ ᠵᠣᠷᠢᠯᠭ᠎ᠠ ᠨᠢ ᠥᠷᠭᠡᠨ ᠤᠯᠠᠨ

ᠲᠦᠮᠡᠨ ᠳᠤ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠤ᠂ ᠤᠯᠤᠰ ᠤᠨ ᠠᠮᠤᠷ

ᠲᠦᠪᠰᠢᠨ ᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠤᠯᠤᠰ ᠤᠨ ᠠᠮᠤᠷ

ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ

ᠶᠤᠮ ᠭᠡᠵᠦ ᠵᠢᠷᠭᠠᠪᠠ᠃

     ᠬᠤᠷᠠᠯ ᠠᠴᠠ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠪᠠᠷ ᠳᠠᠮᠵᠢᠨ᠂

ᠥᠷᠭᠡᠨ ᠤᠯᠠᠨ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠲᠤᠬᠠᠢ ᠲᠠᠨᠢᠯᠲᠠ ᠨᠡᠩ ᠭᠦᠨᠵᠡᠭᠡᠶᠢᠷᠡᠵᠦ᠂

ᠰᠡᠷᠭᠡᠶᠢᠯᠡᠬᠦ ᠤᠬᠠᠮᠰᠠᠷ ᠢᠯᠡᠳᠲᠡ ᠴᠢᠩᠭᠠᠷᠠᠪᠠ᠃ ᠡᠭᠦᠨ ᠤ ᠬᠠᠮᠲᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ

ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠴᠦ

ᠳᠡᠭᠡᠭᠰᠢᠯᠡᠯᠲᠡ ᠲᠠᠢ ᠪᠣᠯᠪᠠ᠃ ᠡᠲᠡᠭᠡᠷ ᠢᠳᠡᠪᠬᠢᠲᠡᠶ ᠬᠤᠪᠢᠷᠠᠯᠲᠠ ᠨᠢ ᠪᠥᠬᠦ ᠨᠡᠶᠢᠭᠡᠮ ᠤᠨ ᠲᠣᠭᠲᠠᠭᠤᠨ

ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ

ᠲᠠᠯᠪᠢᠵᠤ ᠥᠭᠴᠡᠶ᠃ ︽ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠢ ᠬᠡᠷᠡᠭᠵᠢᠭᠦᠯᠦᠭᠰᠡᠨ ᠨᠢ

ᠠᠷᠠᠳ ᠣᠯᠠᠨ ᠪᠠ ᠤᠯᠤᠰ ᠤᠨ ᠪᠦᠬᠦᠯᠢ ᠴᠣᠭᠴᠠ ᠶᠢᠨ ᠠᠰᠢᠭ ᠲᠤᠰᠠ ᠶᠢ ᠴᠢᠩᠭᠠᠳᠬᠠᠬᠤ ᠳᠤ ᠢᠳᠡᠪᠬᠢᠲᠡᠶ

ᠨᠥᠯᠥᠭᠡ ᠦᠵᠡᠭᠦᠯᠦᠭᠰᠡᠨ ᠪᠠᠶᠢᠨ᠎ᠠ᠃ ᠲᠡᠷᠡ ᠨᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ

ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠤᠯᠤᠰ ᠤᠨ ᠲᠣᠭᠲᠠᠭᠤᠨ ᠪᠠ

ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠪᠠ᠃ ᠢᠷᠡᠭᠡᠳᠦᠢ ᠶᠢᠨ ᠠᠵᠢᠯ ᠤᠨ ᠳᠤᠮᠳᠠ ᠪᠢᠳᠡ ᠤᠯᠤᠰ ᠤᠨ

ᠠᠮᠤᠷ ᠲᠦᠪᠰᠢᠨ ᠤ ᠬᠦᠮᠦᠵᠢᠯ ᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠤᠬᠠᠮᠰᠠᠷ ᠢ

ᠬᠦᠮᠦᠰ ᠤᠨ ᠰᠡᠳᠬᠢᠯ ᠳᠤ ᠬᠠᠳᠠᠩᠰᠢᠭᠤᠯᠵᠤ᠂ ᠤᠯᠤᠰ ᠤᠨ ᠠᠮᠤᠷ ᠲᠦᠪᠰᠢᠨ ᠪᠠ ᠠᠰᠢᠭ ᠲᠤᠰᠠ ᠶᠢ ᠬᠠᠮᠲᠤ ᠪᠠᠷ

ᠬᠠᠮᠠᠭᠠᠯᠠᠬᠤ ᠬᠡᠷᠡᠭᠲᠡᠢ᠃

   

         

                 ᠵᠣᠬᠢᠶᠠᠭᠴᠢ᠄ ᠤᠰᠤᠨ ᠠᠰᠢᠭᠯᠠᠯᠲᠠ ᠶᠢᠨ ᠲᠣᠪᠴᠢᠶ᠎ᠠ

                ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号