ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/19
         4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ ᠶᠢᠰᠦᠳᠦᠭᠡᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠰᠢᠨ᠎ᠡ ᠶᠢ ᠡᠭᠦᠳᠦᠨ ᠬᠦᠳᠦᠯᠦᠨ ᠲᠠᠭᠠᠭᠤᠯᠣᠨᠨᠰᠠᠨ ᠠᠷᠪᠠᠨ ᠵᠢᠯ ᠤᠨ ᠤᠢ︾ ᠭᠡᠬᠦ ᠭᠤᠣᠯ ᠰᠡᠳᠦᠪ ᠤᠨ ᠲᠣᠭᠤᠷᠢᠨ ᠳᠤ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠤᠪᠴᠢᠶ᠎ᠠ ᠤᠯᠠᠨ ᠵᠦᠢᠯ ᠤᠨ ᠬᠡᠯᠪᠡᠷᠢ ᠪᠠᠷ ᠰᠢᠷᠢᠰ ᠠᠵᠢᠯᠯᠠᠭ᠎ᠠ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠺᠠᠳ᠋ᠷ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠲᠠᠰᠤᠷᠠᠯᠳᠠ ᠦᠭᠡᠢ  ᠲᠡᠭᠡᠭᠰᠢᠯᠡᠬᠦᠯᠥᠨ᠎ᠡ᠃

     ᠲᠥᠪᠯᠡᠷᠡᠭᠦᠯᠦᠨ ᠰᠤᠷᠤᠯᠴᠠᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ

ᠨᠠᠶᠢᠳᠠᠪᠤᠷᠢᠵᠢᠭᠤᠯᠪᠠ᠃ ᠪᠥᠬᠦ ᠺᠠᠳ᠋ᠷ ᠠᠵᠢᠯᠲᠠᠨ ᠠᠵᠢᠯᠴᠢᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠥᠬᠦ

ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂

ᠪᠥᠬᠦ ᠺᠠᠳ᠋ᠷ ᠠᠵᠢᠯᠲᠠᠨ ᠠᠵᠢᠯᠴᠢᠨ ᠢ ᠢᠳᠡᠪᠬᠢᠲᠡᠶ ᠵᠣᠬᠢᠶᠠᠨ ᠪᠠᠶᠢᠭᠤᠯᠵᠤ ᠤᠯᠤᠰ ᠤᠨ ᠠᠮᠤᠷ ᠲᠦᠪᠰᠢᠨ ᠤ

ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠥᠷᠨᠢᠭᠦᠯᠪᠡ᠃

     ᠠᠵᠤ ᠠᠬᠤᠶᠢᠯᠠᠯ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠰᠤᠷᠭᠠᠨ ᠬᠥᠮᠦᠵᠢᠯ ᠤᠨ ᠠᠭᠤᠷ

ᠠᠮᠢᠰᠬᠤᠯ ᠢ ᠪᠣᠶ ᠪᠣᠯᠭᠠᠪᠠ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠪᠥᠬᠦ

ᠠᠷᠠᠳ ᠤᠨ ᠤᠯᠤᠰ ᠤᠨ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠢᠳᠡᠪᠬᠢᠲᠡᠶ

ᠣᠷᠣᠯᠴᠠᠪᠠ᠃ ᠡᠭᠦᠨ ᠤ ᠬᠠᠮᠲᠤ ᠠᠵᠢᠯᠲᠠᠳ ᠢ ᠵᠣᠬᠢᠶᠠᠨ ᠪᠠᠶᠢᠭᠤᠯᠤᠨ ᠠᠵᠤ ᠦᠢᠯᠡᠳᠪᠦᠷᠢ ᠪᠠ ᠠᠷᠠᠯᠵᠢᠶ᠎ᠠ

ᠬᠤᠳᠠᠯᠳᠤᠭᠠᠨ ᠤ ᠠᠵᠤ ᠠᠬᠤᠶᠢᠯᠠᠯ ᠳᠤ ᠭᠦᠨᠵᠡᠭᠡᠶᠢᠷᠡᠭᠦᠯᠵᠦ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ

ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠤᠨ ᠲᠠᠶᠢᠯᠤᠮᠵᠢ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ

ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ᠂ ᠬᠥᠲᠥᠯᠥᠨ ᠵᠢᠯᠣᠭᠤᠳᠬᠤ ᠪᠠ

ᠰᠤᠷᠭᠠᠨ ᠬᠥᠮᠦᠵᠢᠯ ᠤᠨ ᠠᠵᠤ ᠠᠬᠤᠶᠢᠯᠠᠯ ᠠᠴᠠ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠪᠠᠲᠤ

ᠪᠠᠬᠢ ᠪᠣᠶ ᠪᠣᠯᠭᠠᠵᠤ᠂ ᠤᠯᠤᠰ ᠤᠨ ᠠᠮᠤᠷ ᠲᠦᠪᠰᠢᠨ ᠤ ᠨᠡᠶᠢᠭᠡᠮ ᠤᠨ ᠰᠠᠭᠤᠷᠢ ᠶᠢ ᠬᠦᠴᠦᠲᠡᠶ ᠪᠠᠬᠢᠵᠢᠭᠦᠯᠪᠡ ᠃

     ᠰᠦᠯᠵᠢᠶᠡᠨ ᠳᠡᠭᠡᠷᠡᠬᠢ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠰᠤᠷᠭᠠᠨ ᠬᠥᠮᠦᠵᠢᠯ ᠤᠨ ᠦᠷ᠎ᠡ

ᠪᠦᠲᠦᠮᠵᠢ ᠶᠢ ᠠᠬᠢᠭᠤᠯᠪᠠ᠃ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ APP ᠰᠦᠯᠵᠢᠶᠡᠨ ᠤ

ᠲᠠᠪᠴᠠᠩ ᠢ ᠠᠰᠢᠭᠯᠠᠨ᠂ ᠪᠥᠬᠦ  ᠲᠣᠪᠴᠢᠶᠠᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠶᠡᠷᠦᠩᠬᠡᠶ ᠴᠣᠭᠴᠠ ᠶᠢᠨ

ᠤᠯᠤᠰ ᠤᠨ ᠠᠮᠤᠷ ᠲᠦᠪᠰᠢᠨ ᠤ ᠦᠵᠡᠯᠲᠡ ᠶᠢᠨ ᠭᠤᠤᠯ ᠰᠡᠳᠦᠪᠲᠦ ᠤᠬᠠᠭᠤᠯᠭ᠎ᠠ ᠶᠢᠨ ᠹᠢᠯᠢᠮ ᠦᠵᠡᠪᠡ᠃

ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠬᠠᠤᠯᠢ ᠲᠦᠭᠡᠮᠡᠯᠵᠢᠭᠦᠯᠬᠦ ᠸᠢᠴᠠᠲ ᠤᠨ ᠨᠡᠶᠢᠲᠡ ᠶᠢᠨ ᠳ᠋ᠤᠭᠠᠷ ᠢᠶᠠᠷ

ᠳᠠᠮᠵᠢᠭᠤᠯᠤᠨ ᠰᠦᠯᠵᠢᠶᠡᠨ ᠳᠡᠭᠡᠷᠡᠬᠢ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠲᠤᠰᠬᠠᠶ ᠰᠡᠳᠦᠪ ᠢ

ᠥᠷᠨᠢᠭᠦᠯᠬᠦ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ

ᠮᠡᠳᠡᠯᠭᠡ ᠶᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠵᠤ᠂ ᠺᠠᠳ᠋ᠷᠴᠤᠳ ᠤᠨ ᠤᠯᠤᠰ ᠤᠨ ᠠᠮᠤᠷ ᠲᠦᠪᠰᠢᠨ ᠤ

ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠪᠦᠲᠦᠮᠵᠢᠲᠡᠶ ᠴᠢᠩᠭᠠᠳᠬᠠᠪᠠ᠃

     ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠣᠰ ᠤᠳᠠᠭᠠᠨ ᠤ ᠠᠵᠢᠯᠯᠠᠭ᠎ᠠ ᠪᠠᠷ ᠠᠵᠠ

ᠲᠣᠬᠢᠶᠠᠯ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ᠂

ᠤᠬᠠᠭᠤᠯᠤᠨ ᠲᠠᠶᠢᠯᠪᠤᠷᠢᠯᠠᠬᠤ ᠪᠠ ᠬᠠᠷᠢᠯᠴᠠᠨ ᠬᠦᠳᠦᠯᠣᠯᠴᠡᠬᠦ ᠶᠢ ᠤᠶᠠᠯᠳᠤᠭᠤᠯᠬᠤ᠂ ᠲᠥᠪᠯᠡᠷᠡᠭᠦᠯᠬᠦ ᠪᠠ ᠬᠡᠪ ᠤᠨ

ᠪᠠᠶᠢᠳᠠᠯ ᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ

ᠤᠬᠠᠭᠤᠯᠭ᠎ᠠ ᠬᠥᠮᠦᠵᠢᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠲᠠᠷᠢᠬᠢᠨ ᠳᠤ ᠬᠠᠳᠠᠩᠰᠢᠭᠤᠯᠬᠤ ᠶᠢ

ᠠᠬᠢᠭᠤᠯᠵᠤ᠂ ᠣᠯᠠᠨ ᠲᠦᠮᠡᠨ ᠤ ᠠᠮᠢᠳᠤᠷᠠᠯ ᠢ ᠬᠠᠮᠠᠭᠠᠯᠠᠵᠤ᠂ ᠨᠠᠩ ᠥᠨᠳᠥᠷ ᠲᠦᠪᠰᠢᠨ ᠪᠥᠬᠦᠶ ᠠᠮᠤᠷ

ᠠᠮᠤᠭᠤᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠬᠠᠤᠯᠢ ᠪᠠᠷ ᠵᠠᠰᠠᠬᠤ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤ ᠶᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃

           

           

           ᠵᠣᠬᠢᠶᠠᠭᠴᠢ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ

           ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号