ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠵᠡᠷᠭᠡ ᠬᠥᠮᠦᠰ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠦᠽᠧᠶ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/19
            ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠵᠡᠷᠭᠡ ᠬᠥᠮᠦᠰ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠦᠽᠧᠶ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠥᠨᠢ ᠤᠳᠠᠭᠠᠨ ᠲᠡᠦᠬᠡ ᠲᠠᠢ᠂ ᠭᠠᠵᠠᠷ ᠵᠦᠶ ᠶᠢᠨ

ᠪᠠᠶᠢᠷᠢᠰᠢᠯ ᠲᠦᠢᠯ ᠤᠨ ᠴᠢᠬᠤᠯᠠ ᠪᠠᠶᠢᠵᠤ᠂ ᠵᠦᠩ ᠶᠣᠸᠠᠨ ᠣᠷᠣᠨ ᠪᠣᠯᠤᠨ ᠭᠤᠪᠢ ᠶᠢᠨ ᠤᠮᠠᠷᠠᠲᠤ ᠶᠢᠨ ᠲᠠᠯ᠎ᠠ

ᠨᠤᠲᠤᠭ ᠤᠨ ᠣᠷᠣᠨ ᠤ ᠵᠠᠮ ᠬᠠᠷᠢᠯᠴᠠᠭᠠᠨ ᠤ ᠴᠢᠬᠤᠯᠠ ᠭᠠᠵᠠᠷ ᠪᠣᠯᠬᠤ ᠪᠥᠭᠡᠳ ᠪᠠᠰᠠ ᠴᠤ ᠲᠠᠯ᠎ᠠ ᠨᠤᠲᠤᠭ ᠤᠨ

ᠲᠣᠷᠭᠠᠨ ᠵᠠᠮ ᠤᠨ ᠴᠢᠬᠤᠯᠠ ᠵᠠᠩᠭᠢᠯᠠᠭ᠎ᠠ ᠶᠢᠨ ᠭᠠᠵᠠᠷ ᠪᠣᠯᠤᠨ᠎ᠠ᠂ ᠡᠷᠲᠡᠨ ᠠᠴᠠ ᠠᠪᠤᠭᠠᠳ ᠬᠦᠮᠦᠰ ᠡᠨᠡ ᠬᠦ

ᠨᠤᠲᠤᠭ ᠳᠡᠪᠢᠰᠬᠡᠷ ᠳᠡᠭᠡᠷ᠎ᠡ ᠣᠷᠣᠰᠢᠨ ᠠᠮᠢᠳᠤᠷᠠᠵᠤ᠂ ᠦᠷᠡᠵᠢᠵᠦ᠂ ᠬᠤᠪᠣᠷ ᠨᠠᠨᠳᠢᠨ ᠰᠣᠶᠣᠯ ᠤᠨ ᠥᠪ

ᠬᠥᠷᠥᠩᠭᠡ ᠶᠢ ᠦᠯᠡᠳᠡᠭᠡᠵᠡᠶ᠃ 4 ᠰᠠᠷ᠎ᠠ ᠶᠢᠨ 16 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠵᠡᠷᠭᠡ 4 ᠬᠥᠮᠦᠨ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠦᠽᠧᠶ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃

ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠧᠨ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠠᠩ

ᠯᠢ ᠮᠧᠶ ᠵᠡᠷᠭᠡ ᠤᠳᠤᠷᠢᠳᠤᠯᠭ᠎ᠠ ᠪᠠᠷ᠎ᠠ ᠪᠣᠯᠪᠠ᠃

     ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ

ᠵᠢᠶᠦ᠋ᠨ ᠵᠡᠷᠭᠡ ᠬᠥᠮᠦᠰ ᠮᠦᠽᠧᠶ ᠶᠢᠨ ᠦᠵᠡᠭᠦᠯᠦᠯᠭᠡ ᠶᠢ ᠲᠣᠭᠤᠷᠢᠨ ᠦᠵᠡᠵᠦ᠂ ᠰᠢᠨ᠎ᠡ ᠴᠢᠯᠠᠭᠤᠨ ᠵᠡᠪᠰᠡᠭ ᠤᠨ

ᠴᠠᠭ ᠦᠶ᠎ᠡ᠂ ᠬᠠᠨ ᠤᠯᠤᠰ ᠤᠨ ᠦᠶ᠎ᠡ᠂ ᠤᠮᠠᠷᠠᠲᠤ ᠸᠧᠶ ᠤᠯᠤᠰ ᠪᠣᠯᠤᠨ ᠶᠢᠨ ᠶᠤᠸᠠᠨ ᠮᠢᠩ ᠴᠢᠩ ᠤᠯᠤᠰ ᠤᠨ

ᠦᠶ᠎ᠡ ᠶᠢᠨ ᠲᠡᠦᠬᠡ ᠰᠣᠶᠣᠯ᠂ ᠠᠷᠠᠳ ᠤᠨ ᠵᠠᠩ ᠦᠢᠯᠡ ᠶᠢᠨ ᠬᠡᠪ ᠰᠤᠷᠲᠠᠯ ᠵᠢᠴᠢ ᠤᠷᠠᠯᠢᠭ ᠤᠨ ᠠᠮᠵᠢᠯᠲᠠ

ᠪᠦᠲᠦᠮᠵᠢ ᠶᠢ ᠭᠦᠨᠵᠡᠭᠡᠶ ᠣᠶᠢᠯᠠᠭᠠᠪᠠ᠃ ᠮᠦᠽᠧᠶ ᠶᠢᠨ ᠬᠠᠳᠠᠭᠠᠯᠠᠮᠵᠢ ᠪᠣᠯᠤᠨ ᠦᠵᠡᠭᠦᠯᠦᠯᠭᠡ ᠨᠢ ᠯᠢ ᠵᠢᠶᠠᠨ

ᠵᠢᠶᠦ᠋ᠨ ᠵᠡᠷᠭᠡ ᠵᠡᠷᠭᠡ ᠬᠥᠮᠦᠰ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠨᠢ ᠤᠳᠠᠭᠠᠨ ᠲᠡᠦᠬᠡ

ᠪᠣᠯᠤᠨ ᠭᠡᠷᠡᠯ ᠰᠠᠴᠤᠷᠠᠩᠭᠤᠶ ᠰᠣᠶᠣᠯ ᠵᠢᠴᠢ ᠡᠯ᠎ᠡ ᠦᠨᠳᠦᠰᠦᠲᠡᠨ ᠡᠨᠡ ᠬᠦ ᠥᠩ ᠰᠢᠮᠡᠯᠢᠭ ᠭᠠᠵᠠᠷ ᠰᠢᠷᠣᠶ ᠳᠡᠭᠡᠷ᠎ᠡ

ᠰᠣᠯᠢᠯᠴᠠᠭ᠎ᠠ᠂ ᠶᠠᠪᠤᠯᠴᠠᠭ᠎ᠠ ᠪᠣᠯᠤᠨ ᠠᠭᠤᠰᠤᠯᠴᠠᠭᠰᠠᠨ ᠲᠡᠦᠬᠡ ᠶᠢᠨ ᠳᠦᠷᠰᠦ ᠪᠠᠶᠢᠳᠠᠯ ᠤᠨ ᠲᠤᠬᠠᠶ ᠨᠠᠩ ᠰᠢᠭᠤᠳ

ᠪᠥᠭᠡᠳ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃

     ᠲᠡᠤᠬᠡ ᠶᠢᠨ ᠳᠤᠷᠠᠰᠬᠠᠯᠲᠤ ᠵᠦᠢᠯ ᠪᠣᠯ ᠲᠡᠦᠬᠡ ᠶᠢᠨ ᠭᠡᠷᠡᠴᠢᠯᠡᠭᠴᠢ ᠮᠥᠨ᠂ ᠤᠷᠢᠳᠤᠬᠢ ᠬᠥᠮᠦᠨ ᠤ

ᠪᠢᠳᠡᠨ ᠳᠤ ᠦᠯᠡᠳᠡᠭᠡᠵᠦ ᠥᠭᠭᠦᠭᠰᠡᠨ ᠠᠩᠬᠠᠨ ᠤ ᠮᠠᠲ᠋ᠧᠷᠢᠶᠠᠯ ᠮᠥᠨ᠃ ᠲᠠᠷᠠᠭᠠᠴᠢ ᠶᠢᠨ ᠠᠯᠬᠤᠮ ᠳᠤ᠂ ᠮᠦᠽᠧᠶ ︽

ᠬᠠᠮᠠᠭᠠᠯᠠᠬᠤ᠂ ᠤᠯᠠᠮᠵᠢᠯᠠᠬᠤ᠂ ᠰᠢᠨ᠎ᠡ ᠶᠢ ᠡᠭᠦᠳᠬᠦ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠭᠠᠵᠠᠷ ᠣᠷᠣᠨ ᠤ

ᠲᠡᠤᠬᠡ ᠶᠢᠨ ᠳᠤᠷᠠᠰᠬᠠᠯᠲᠤ ᠵᠦᠢᠯᠡᠰ ᠢ ᠠᠭᠤᠳᠠᠯᠤᠨ ᠬᠠᠮᠠᠭᠠᠯᠠᠬᠤ ᠪᠠᠷ ᠬᠦᠴᠦᠯᠡᠨ ᠴᠢᠷᠮᠠᠶᠢᠵᠤ᠂ ᠴᠠᠬᠠᠷ ᠪᠠᠷᠠᠭᠤᠨ

ᠭᠠᠷᠤᠨ ᠳᠤᠮᠳᠠᠳᠤ ᠬᠤᠰᠢᠭᠤᠨ ᠤ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ

ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃

     

                   ᠵᠣᠬᠢᠶᠠᠭᠴᠢ᠄ ᠰᠢᠤᠢ ᠰᠢᠶᠣᠤ ᠬᠤᠢ

                  ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号