ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠢᠦᠶ ᠬᠠᠶ ᠴᠧᠩ ᠨᠡᠷ ᠵᠡᠭᠡᠷᠡᠲᠦ ᠬᠤᠲᠠ ᠪᠠᠯᠭᠠᠰᠤᠨ ᠳᠤ ᠭᠦᠨᠵᠡᠭᠡᠶᠢᠷᠡᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/2
        3 ᠰᠠᠷ᠎ᠠ ᠶᠢᠨ 28 ᠤ ᠡᠳᠦᠷ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠢᠦᠶ ᠬᠠᠶ ᠴᠧᠩ ᠨᠡᠷ ᠵᠡᠭᠡᠷᠡᠲᠦ ᠬᠤᠲᠠ ᠪᠠᠯᠭᠠᠰᠤᠨ ᠳᠤ ᠭᠦᠨᠵᠡᠭᠡᠶᠢᠷᠡᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠵᠢᠴᠢ ᠰᠡᠭᠦᠯᠴᠢ ᠶᠢᠨ ᠬᠤᠭᠤᠴᠠᠭᠠᠨ ᠤ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃

      ᠢᠦᠶ ᠬᠠᠶ ᠴᠧᠩ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ

ᠠᠵᠢᠯ ᠢ ᠴᠢᠩᠭᠠᠳᠬᠠᠬᠤ ᠪᠣᠯ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠥᠷᠥ ᠶᠢᠨ

ᠪᠣᠳᠣᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ ᠤᠰᠤᠨ ᠤ

ᠡᠬᠢ ᠪᠠᠶᠠᠯᠢᠭ ᠢ ᠠᠰᠢᠭᠯᠠᠬᠤ ᠴᠢᠬᠤᠯᠠ ᠠᠷᠭ᠎ᠠ ᠵᠠᠮ ᠮᠥᠨ᠂  ᠦᠷᠬᠦᠯᠵᠢᠯᠡᠬᠦᠶᠢᠴᠡ ᠬᠥᠭᠵᠢᠯᠲᠡ ᠪᠠ ᠣᠯᠠᠨ

ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠂ ᠡᠯ᠎ᠡ ᠱᠠᠲᠤ ᠡᠯ᠎ᠡ ᠰᠠᠯᠠᠭ᠎ᠠ

ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ

ᠲᠣᠭᠤᠰᠢᠯᠠᠭᠤᠯᠵᠦ᠂ ᠣᠷᠴᠢᠨ ᠠᠬᠤᠶ ᠶᠢᠨ ᠬᠠᠮᠠᠭᠠᠯᠠᠯᠲᠠ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ

ᠰᠠᠬᠢᠵᠤ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂

ᠪᠣᠬᠢᠷ ᠤᠰᠤ ᠶᠢ ᠴᠤᠭᠯᠠᠭᠤᠯᠬᠤ᠂ ᠰᠢᠢᠳᠪᠦᠷᠢᠯᠡᠬᠦ ᠪᠠ ᠰᠦᠢᠳᠭᠡᠯ ᠬᠤᠷᠢᠶᠠᠬᠤ ᠲᠣᠭᠲᠠᠴᠠ ᠶᠢ ᠪᠠᠶᠢᠭᠤᠯᠤᠨ

ᠪᠦᠷᠢᠨᠰᠢᠬᠦᠯᠬᠦ ᠬᠡᠷᠡᠭᠲᠡᠶ︔ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠠᠵᠢᠯᠯᠠᠭᠠᠨ ᠤ ᠬᠠᠮᠢᠶᠠᠷᠤᠯᠲᠠ ᠪᠠᠨ

ᠴᠢᠩᠭᠠᠳᠬᠠᠵᠤ᠂ ᠳᠤᠮᠳᠠᠬᠢ ᠤᠰᠤᠨ ᠤ ᠬᠡᠷᠡᠭᠯᠡᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠠᠷᠠᠳ ᠤᠯᠠᠨ ᠤ

ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃

      ᠢᠦᠶ ᠬᠠᠢ ᠴᠧᠩ ᠴᠢᠬᠤᠯᠠᠴᠢᠯᠠᠭᠰᠠᠨ ᠨᠢ᠂ ᠤᠤᠭᠤᠬᠤ ᠤᠰᠤ ᠨᠢ ᠠᠷᠠᠳ ᠤᠨ ᠠᠮᠢᠳᠤᠷᠠᠯ ᠲᠠᠢ ᠨᠢᠭᠲᠠ

ᠬᠤᠯᠪᠣᠭ᠎ᠠ ᠲᠠᠢ ᠪᠠᠶᠢᠳᠠᠭ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ᠂ ᠮᠠᠯ

ᠠᠷᠠᠴᠢᠯᠠᠨ ᠲᠡᠵᠢᠭᠡᠬᠦ ᠵᠡᠷᠭᠡ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠢ ᠨᠥᠯᠥᠭᠡᠯᠡᠵᠦ ᠮᠡᠳᠡᠬᠦ ᠪᠠᠶᠢᠳᠠᠯ

ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠲᠣᠰᠬᠤᠨ ᠤ ᠳᠣᠲᠣᠷᠠᠬᠢ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠠᠰᠠᠭᠤᠳᠠᠯ ᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠠᠮᠠᠭᠠᠯᠠᠯᠲᠠ ᠶᠢᠨ ᠣᠷᠣᠨ ᠤ ᠲᠡᠮᠳᠡᠭ

ᠫᠠᠶᠢᠰᠠ᠂ ᠬᠦᠷᠢᠶ᠎ᠡ ᠬᠠᠰᠢᠶ᠎ᠠ᠂ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠵᠡᠷᠭᠡ ᠶᠢ

ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠠᠮᠤᠷ ᠲᠦᠪᠰᠢᠨ ᠢ

ᠦᠨᠡᠨᠬᠦ ᠪᠠᠲᠤᠯᠠᠬᠤ ᠬᠡᠷᠡᠭᠲᠡᠶ᠃

     

             ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

            ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号