ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠣᠭᠲᠠᠴᠠ ᠶᠢ ᠪᠦᠷᠢᠨᠰᠢᠭᠦᠯᠦᠨ ᠰᠢᠭᠤᠳ ᠬᠦᠷᠭᠡᠬᠦ ᠪᠠᠯᠠ ᠮᠥᠩᠭᠦ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2024/4/2
          ᠡᠨᠡ ᠵᠢᠯ ᠠᠴᠠ ᠨᠠᠰᠢ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃ ᠲᠣᠭᠲᠠᠴᠠ ᠶᠢ ᠪᠦᠷᠢᠨᠰᠢᠭᠦᠯᠵᠦ᠂ ᠴᠢᠩᠭ᠎ᠠ ᠬᠡᠷᠡᠭᠵᠢᠭᠦᠯᠦᠨ᠂ ᠰᠢᠭᠤᠳ ᠬᠦᠷᠭᠡᠬᠦ ᠪᠡᠯᠡ ᠮᠥᠩᠭᠦ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃      ᠨᠢᠭᠡ ᠳᠤ᠂ ᠰᠢᠭᠤᠳ ᠬᠦᠷᠭᠡᠬᠦ ᠪᠡᠯᠡ ᠮᠥᠩᠭᠦ ᠶᠢ ᠲᠦᠷᠭᠡᠨ ᠰᠠᠯᠭᠠᠨ ᠥᠭᠭᠦᠨ᠎ᠡ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠠᠯᠠᠭ᠎ᠠ ᠮᠥᠴᠢᠷ ᠤᠨ ᠬᠠᠷᠢᠯᠴᠠᠭ᠎ᠠ ᠵᠣᠬᠢᠴᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠠᠯᠠ ᠮᠥᠩᠭᠦ ᠶᠢᠨ ᠬᠤᠪᠢᠶᠠᠷᠢᠯᠠᠯᠲᠠ ᠶᠢ ᠨᠠᠷᠢᠯᠢᠬᠵᠢᠭᠤᠯᠬᠤ ᠠᠬᠢᠴᠠ ᠶᠢ ᠲᠦᠷᠭᠡᠳᠬᠡᠵᠦ᠂ ᠲᠥᠰᠦᠪ ᠢ ᠪᠠᠭᠤᠯᠭᠠᠪᠠᠯ ᠵᠣᠬᠢᠬᠤ ᠶᠢ ᠨᠢ ᠪᠦᠬᠦᠨ ᠢ ᠪᠠᠭᠤᠯᠭᠠᠵᠤ᠂ ᠲᠦᠷᠭᠡᠨ ᠪᠣᠯᠪᠠᠯ ᠵᠣᠬᠢᠬᠤ ᠶᠢ ᠨᠢ ᠲᠦᠷᠭᠡᠨ ᠪᠠᠶᠢᠯᠭᠠᠬᠤ ᠶᠢ ᠪᠠᠷᠢᠮᠲᠠᠯᠠᠨ᠎ᠠ ᠃ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠲᠠᠰᠤᠭ ᠢ ᠰᠢᠪᠠᠳᠠᠵᠤ ᠪᠠᠶᠢᠭᠠᠳ ᠵᠠᠷᠤᠯᠭ᠎ᠠ ᠶᠢᠨ ᠶᠠᠰᠤ ᠴᠢᠨᠠᠷ ᠪᠠ ᠪᠠᠯᠠ ᠮᠥᠩᠭᠦ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠰᠢᠭᠤᠳ ᠬᠦᠷᠭᠡᠬᠦ ᠪᠠᠯᠠ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠵᠦ᠂ 2 ᠰᠠᠷ᠎ᠠ ᠶᠢᠨ ᠰᠡᠭᠦᠯᠴᠢ ᠪᠣᠯᠲᠠᠯ᠎ᠠ᠂ ᠳᠡᠭᠡᠳᠦ ᠱᠠᠲᠤᠨ ᠠᠴᠠ ᠮᠠᠨ ᠤ ᠬᠤᠰᠢᠭᠤᠨ ᠳᠤ ᠨᠡᠶᠢᠲᠡ 28904 ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠪᠠ᠂ ᠡᠭᠦᠨ ᠳᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠰᠢᠯᠵᠢᠭᠦᠯᠦᠨ ᠥᠭᠬᠦ ᠪᠡᠯᠡ ᠮᠥᠩᠭᠦ 18973 ᠲᠦᠮᠡᠨ ᠲᠥᠭᠦᠷᠢᠭ᠂ ᠰᠢᠨ᠎ᠡ ᠪᠠᠷ ᠨᠡᠮᠡᠭᠳᠡᠭᠰᠡᠨ ᠤᠯᠤᠰ ᠤᠨ ᠵᠢᠭᠡᠯᠡᠯᠭᠡ ᠶᠢᠨ ᠪᠠᠯᠠ ᠮᠥᠩᠭᠦ 3200 ᠲᠦᠮᠡᠨ ᠲᠥᠭᠦᠷᠢᠭ᠂ ᠡᠩ ᠤᠨ ᠴᠢᠨᠠᠷᠲᠠᠶ ᠰᠢᠯᠵᠢᠭᠦᠯᠦᠨ ᠥᠭᠬᠦ ᠮᠥᠩᠭᠦ 6731 ᠲᠦᠮᠡᠨ ᠲᠥᠭᠦᠷᠢᠭ᠂ ᠨᠢᠭᠡᠨᠲᠡ ᠪᠦᠬᠦᠨ ᠢ ᠬᠠᠮᠢᠶ᠎ᠠ ᠪᠥᠬᠦᠶ ᠲᠠᠰ ᠳᠠᠷᠠᠭᠠᠯᠠᠯ ᠤᠨ ᠶᠣᠰᠣᠭᠠᠷ ᠬᠤᠪᠢᠶᠠᠷᠢᠯᠠᠨ ᠪᠠᠭᠤᠯᠭᠠᠵᠤ᠂ ᠬᠤᠪᠢᠶᠠᠷᠢᠯᠠᠬᠤ ᠬᠠᠷᠢᠴᠠᠯ ᠢ 100% ᠳᠤ ᠬᠦᠷᠭᠡᠪᠡ᠃       ᠬᠤᠶᠠᠷ ᠲᠤ᠂ ᠰᠢᠰᠲ᠋ᠧᠮ ᠲᠠᠢ ᠬᠢᠨᠠᠨ ᠬᠡᠮᠵᠢᠯᠲᠡ ᠶᠢ ᠴᠢᠩᠭᠠᠳᠬᠠᠵᠤ᠂ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠬᠦ ᠶᠢ ᠰᠢᠢᠳᠪᠦᠷᠢᠯᠡᠪᠡ᠃ ᠰᠢᠭᠤᠳ ᠬᠦᠷᠭᠡᠬᠦ ᠪᠠᠯᠠ ᠮᠥᠩᠭᠦ ᠶᠢᠨ ᠬᠢᠨᠠᠨ ᠡᠵᠡᠮᠳᠡᠬᠦ ᠲᠠᠪᠴᠠᠩ ᠤᠨ ᠬᠡᠷᠡᠭᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠰᠢᠰᠲ᠋ᠧᠮ ᠤᠨ ᠰᠡᠷᠡᠮᠵᠢᠯᠡᠭᠦᠯᠦᠯ᠂ ᠰᠠᠨᠠᠭᠤᠯᠤᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠢᠳᠪᠦᠷᠢᠯᠡᠵᠦ᠂ ᠬᠠᠮᠢᠶ᠎ᠠ ᠪᠥᠬᠦᠶ ᠪᠠᠶᠢᠳᠠᠯ ᠢ ᠲᠡᠷᠡ ᠳᠠᠷᠤᠶ ᠳᠤᠨᠢ ᠡᠯ᠎ᠡ ᠰᠠᠯᠠᠭ᠎ᠠ ᠮᠥᠴᠢᠷ ᠨᠢᠭᠡᠴᠡ ᠳᠤ ᠬᠠᠷᠢᠭᠤ ᠲᠤᠰᠬᠠᠵᠤ᠂ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠰᠠᠨᠠᠭᠤᠯᠬᠤ ᠶᠢᠨ ᠬᠠᠮᠲᠤ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠵᠡᠷᠭᠡ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠤᠭ᠎ᠠ ᠪᠠᠷᠢᠮᠲᠠ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ᠭᠤᠷᠪᠠ ᠳᠤ᠂ ᠲᠣᠭᠠᠴᠠᠭ᠎ᠠ ᠬᠢᠬᠦ ᠬᠠᠮᠢᠶᠠᠷᠤᠯᠲᠠ ᠶᠢ ᠪᠣᠳᠠᠲᠠᠶ ᠠᠳᠬᠤᠵᠤ᠂ ᠪᠠᠯᠠ ᠮᠥᠩᠭᠦ ᠶᠢ ᠠᠮᠤᠷ ᠲᠦᠪᠰᠢᠨ ᠢᠶᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠰᠢᠭᠤᠳ ᠬᠦᠷᠭᠡᠬᠦ ᠪᠠᠯᠠ ᠮᠥᠩᠭᠦ ᠶᠢᠨ ᠲᠣᠭᠠᠴᠠᠭ᠎ᠠ ᠬᠢᠬᠦ ᠬᠠᠮᠢᠶᠠᠷᠤᠯᠲᠠ ᠶᠢ ᠰᠠᠶᠢᠲᠤᠷ ᠠᠳᠬᠤᠵᠤ᠂ ᠡᠯ᠎ᠡ ᠨᠢᠭᠡᠴᠡ ᠶᠢ ᠰᠢᠭᠤᠳ ᠬᠦᠷᠭᠡᠬᠦ ᠪᠠᠯᠠ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠯ ᠢ ᠴᠢᠩᠭ᠎ᠠ ᠵᠢᠷᠤᠮᠯᠠᠨ᠂ ᠪᠠᠯᠠ ᠮᠥᠩᠭᠦ ᠶᠢ ᠲᠣᠭᠲᠠᠭᠠᠭᠰᠠᠨ ᠲᠥᠷᠥᠯ ᠵᠦᠶ᠋ᠯ ᠳᠤ ᠬᠡᠷᠡᠭᠯᠡᠬᠦ ᠶᠢᠨ ᠬᠠᠮᠲᠤ᠂ ᠪᠠᠯᠠ ᠮᠥᠩᠭᠦ ᠶᠢ ᠬᠠᠮᠤᠭ ᠤᠨ ᠡᠴᠦᠰ ᠤᠨ ᠭᠥᠯᠢᠶᠡᠨ ᠠᠪᠤᠭᠴᠢ ᠳᠤ ᠥᠭᠴᠦ᠂ ᠪᠠᠯᠠ ᠮᠥᠩᠭᠦ ᠶᠢ ᠥᠨᠳᠥᠷ ᠪᠦᠲᠦᠮᠵᠢᠲᠡᠶ ᠠᠮᠤᠷ ᠲᠦᠪᠰᠢᠨ ᠢᠶᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃                          ᠵᠣᠬᠢᠶᠠᠭᠴᠢ᠄ ᠯᠢ ᠶᠠ ᠨᠠᠨ                  ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号