| 4 ᠰᠠᠷ᠎ᠠ ᠶᠢᠨ 19 ᠤ ᠡᠳᠦᠷ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ ᠬᠤᠷᠠᠯ ᠢ ᠡᠷᠭᠢᠯᠡᠵᠦ᠂ ᠪᠠᠯᠭᠠᠰᠤᠨ ᠤ ᠨᠠᠮ | ᠵᠠᠰᠠᠭ ᠤᠨ ᠤᠳᠤᠷᠢᠳᠬᠤ ᠪᠠᠭ᠂ ᠪᠥᠬᠦ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ | ᠣᠷᠣᠯᠴᠠᠪᠠ᠃ | | | | | ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠪᠥᠬᠦ ᠨᠠᠮ ᠳᠤ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠠ ᠪᠥᠬᠦ | ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠭᠡᠷᠡᠲᠦ ᠬᠤᠲᠠ | ᠪᠠᠯᠭᠠᠰᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠥᠬᠦᠶ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠢᠮᠠᠭᠲᠠ ᠨᠢᠭᠡᠳᠦᠯᠲᠡᠢ ᠦᠵᠡᠯ ᠰᠠᠨᠠᠭ᠎ᠠ᠂ | ᠡᠷᠡᠰ ᠪᠠᠲᠤ ᠵᠣᠷᠢᠭ ᠰᠠᠨᠠᠭ᠎ᠠ᠂ ᠵᠣᠬᠢᠴᠠᠩᠭᠤᠢ ᠠᠵᠢᠯᠯᠠᠭ᠎ᠠ ᠪᠣᠯᠤᠨ ᠬᠦᠴᠦᠷᠬᠡᠭ ᠶᠡᠭᠡ ᠲᠠᠶᠢᠴᠢᠨ ᠬᠦᠴᠦᠨ ᠢ | ᠪᠠᠲᠤᠯᠠᠬᠤ ᠬᠡᠷᠡᠭᠲᠡᠢ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠲᠥᠪ ᠴᠢᠩᠭ᠎ᠠ ᠴᠢᠨᠠᠷ ᠪᠣᠯᠤᠨ ᠡᠷᠬᠡ ᠰᠦᠷᠲᠦ | ᠴᠢᠨᠠᠷ ᠢ ᠭᠦᠨᠵᠡᠭᠡᠢ ᠣᠶᠢᠯᠠᠭᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠲᠣᠳᠣᠷᠬᠠᠶᠢᠯᠠᠵᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ |